ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ  ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠲᠣᠭᠲᠠᠴᠠ ᠶᠢ ᠪᠦᠬᠦ ᠬᠦᠴᠦᠨ ᠢᠶᠠᠷ ᠠᠬᠢᠭᠤᠯᠵᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/5/27
     ᠨᠢᠭᠡ ᠳᠤ᠂ ᠰᠦᠯᠵᠢᠶᠡᠨ ᠳᠡᠭᠡᠷ᠎ᠡ ᠲᠠᠶᠢᠯᠪᠤᠷᠢᠯᠠᠬᠤ ᠪᠠ ᠰᠦᠯᠵᠢᠶᠡᠨ ᠭᠠᠳᠠᠨ᠎ᠠ ︽ᠬᠤᠶᠠᠷ ᠢ ᠵᠡᠷᠭᠡ ᠪᠠᠷ ᠶᠠᠪᠤᠭᠤᠯᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠮᠤᠭ ᠤᠨ ᠰᠢᠨ᠎ᠡ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠳᠠᠮᠵᠢᠭᠤᠯᠤᠨ ᠪᠣᠳᠠᠲᠠᠶᠢᠵᠢᠭᠤᠯᠪᠠ᠃ ᠥᠷᠭᠡᠨ ᠣᠯᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠬᠠᠷᠢᠴᠠᠭᠤᠯᠤᠯ ᠤᠨ ᠳᠠᠪᠠᠭᠤᠯᠢᠭ᠂ ᠭᠦᠢᠴᠡᠳᠬᠡᠬᠦ ᠶᠠᠪᠤᠴᠠ᠂ ᠲᠡᠳᠬᠦᠬᠦ ᠲᠥᠷᠥ ᠶᠢᠨ ᠪᠣᠳᠣᠯᠭ᠎ᠠ ᠵᠡᠷᠭᠡ ᠶᠢ ᠨᠠᠷᠢᠨ ᠲᠠᠶᠢᠯᠪᠤᠷᠢᠯᠠᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ︽ᠨᠠᠳᠠ ᠪᠠᠷ ᠰᠢᠯᠵᠢᠭᠦᠯᠬᠦ︾ ᠠᠴᠠ ︽ᠪᠢ ᠰᠢᠯᠵᠢᠭᠦᠯᠬᠦ︾ ᠶᠢ ᠪᠡᠶᠡᠯᠡᠭᠦᠯᠦᠪᠡ᠃    ᠬᠤᠶᠠᠷ ᠲᠤ᠂ ︽ᠨᠢᠭᠡ ᠪᠦᠯᠦᠭ ᠢ ᠲᠥᠯᠥᠪᠵᠢᠭᠦᠯᠵᠦ᠂ ᠨᠢᠭᠡ ᠪᠦᠯᠦᠭ ᠢ ᠪᠤᠶᠢᠵᠢᠭᠤᠯᠵᠤ᠂ ᠨᠢᠭᠡ ᠪᠦᠯᠦᠭ ᠢ ᠪᠤᠵᠠᠭᠠᠶᠢᠷᠠᠭᠤᠯᠬᠤ︾ ᠰᠡᠳᠬᠢᠮᠵᠢ ᠶᠣᠰᠣᠭᠠᠷ᠂ ᠭᠤᠤᠯᠳᠠᠯᠭ᠎ᠠ ᠲᠠᠢ ᠠᠵᠢᠯ ᠲᠥᠷᠥᠯ᠂ ᠬᠦᠷᠢᠶᠡᠨ ᠳᠠᠬᠢ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠪᠣᠳᠠᠲᠠᠶ ᠦᠢᠯᠡᠳᠪᠦᠷᠢᠯᠡᠯ ᠤᠨ ᠬᠡᠪᠴᠢᠶ᠎ᠡ ᠪᠠ ᠡᠵᠡᠩᠨᠡᠯᠲᠡ ᠶᠢᠨ ᠪᠠᠶᠢᠳᠠᠯ ᠳᠤ ᠪᠠᠶᠢᠴᠠᠭᠠᠯᠲᠠ ᠬᠢᠵᠦ ᠪᠠᠶᠢᠳᠠᠯ ᠢ ᠣᠶᠢᠯᠠᠭᠠᠬᠤ ᠶᠢ ᠥᠷᠨᠢᠭᠦᠯᠵᠦ᠂ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠭᠤᠤᠯᠳᠠᠯᠭ᠎ᠠ ᠲᠠᠢ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠪᠡ᠃    ᠭᠤᠷᠪᠠ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠴᠣᠩᠬᠤᠪᠴᠢ ᠳᠤ᠂ ᠲᠤᠰᠬᠠᠶ ᠬᠥᠮᠦᠨ ᠲᠣᠬᠢᠷᠠᠭᠤᠯᠤᠨ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ ᠶᠢ ᠬᠠᠷᠢᠭᠤᠴᠠᠭᠤᠯᠵᠤ᠂ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠠᠰᠠᠭᠤᠨ ᠯᠠᠪᠯᠠᠬᠤ᠂ ᠵᠢᠯᠣᠭᠤᠳᠬᠤ ᠵᠢᠴᠢ ᠭᠦᠢᠴᠡᠳᠬᠡᠬᠦ ᠵᠡᠷᠭᠡ ᠠᠵᠢᠯ ᠢ ᠪᠥᠬᠦ ᠲᠠᠯ᠎ᠠ ᠪᠠᠷ ᠬᠠᠷᠢᠭᠤᠴᠠᠭᠤᠯᠵᠤ᠂ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠶᠢᠨ ᠳᠠᠷᠠᠭᠠᠬᠢ ᠨᠠᠷᠠᠲᠤ ᠲᠡᠮᠳᠡᠭᠲᠦ ᠶᠢ ᠦᠯᠡᠳᠡᠭᠡᠬᠦ᠂ ᠭᠡᠷᠡᠴᠢ ᠦᠨᠡᠮᠯᠡᠯ ᠢ ᠭᠦᠢᠴᠡᠳᠬᠡᠬᠦ ᠵᠡᠷᠭᠡ ᠴᠤᠪᠤᠷᠠᠯ ᠢ ᠪᠥᠬᠦ ᠶᠠᠪᠤᠴᠠ ᠪᠠᠷ ᠵᠢᠯᠣᠭᠤᠳᠴᠤ᠂ ᠠᠵᠤ ᠠᠬᠤᠶᠢᠯᠠᠯ ᠤᠨ ᠲᠠᠰ ᠳᠡᠪᠰᠢᠬᠦ ᠨᠢ ᠨᠠᠩ ᠳᠥᠭᠦᠮ ᠳᠥᠲᠡ ᠪᠣᠯᠬᠤ ᠶᠢ ᠦᠨᠡᠨᠬᠦ ᠪᠠᠲᠤᠯᠠᠪᠠ᠃    5 ᠰᠠᠷ᠎ᠠ ᠶᠢᠨ 15 ᠤ ᠡᠳᠦᠷ ᠪᠣᠯᠲᠠᠯ᠎ᠠ᠂ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠠᠵᠢᠯᠯᠠᠭ᠎ᠠ ᠶᠢ 23 ᠤᠳᠠᠭ᠎ᠠ ᠥᠷᠨᠢᠭᠦᠯᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 1600 ᠭᠠᠷᠤᠶ ᠤᠳᠠᠭ᠎ᠠ ᠰᠤᠷᠪᠤᠯᠵᠢᠯᠠᠵᠤ᠂ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠶᠢ 6 ᠪᠡᠶᠡᠯᠡᠭᠦᠯᠵᠦ᠂ ᠡᠭᠦᠨ ᠤ ᠬᠠᠮᠲᠤ 26 ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠬᠥᠮᠦᠵᠢᠭᠦᠯᠬᠦ ᠬᠥᠮᠥᠷᠭᠡ ᠳᠤ ᠣᠷᠣᠭᠤᠯᠪᠠ᠃                       ᠵᠣᠬᠢᠶᠠᠭᠴᠢ᠄ ᠸᠠᠩ ᠷᠦᠢ ᠪᠢᠩ                       ᠤᠷᠴᠢᠭᠤᠯᠤᠭᠴᠢ᠄ ᠬᠦᠰᠡᠯ                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2