ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/28
    5 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠤᠳᠤᠬᠤ ᠬᠠᠤᠯᠢ︾ ᠶᠢ ᠰᠤᠷᠤᠯᠴᠠᠵᠤ᠂ ᠬᠤᠲᠠ ᠶᠢᠨ ᠨᠠᠮ ᠵᠠᠰᠠᠭ ᠤᠨ ᠭᠤᠤᠯ ᠤᠳᠤᠷᠢᠳᠤᠯᠭ᠎ᠠ ᠶᠢᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠵᠤ᠂ ︽ᠤᠯᠠᠭᠠᠨᠴᠠᠪ ᠬᠤᠲᠠ ᠶᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ 2024 ᠣᠨ ᠤ ᠠᠵᠢᠯ ᠤᠨ ᠭᠤᠤᠯᠳᠠᠯᠭ᠎ᠠ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠨ᠂ ᠨᠢᠭᠡᠳ ᠨᠢᠭᠡ ᠪᠠᠷ ᠴᠢᠩᠭ᠎ᠠ ᠠᠩᠬᠠᠷᠴᠤ᠂ ᠨᠢᠭᠡ ᠨᠢᠭᠡ ᠪᠠᠷ ᠲᠠᠩᠰᠠ ᠬᠠᠷᠭᠤᠭᠤᠯᠵᠤ ᠳ᠋ᠤᠭᠠᠷ ᠬᠠᠰᠤᠬᠤ ᠬᠡᠷᠡᠭᠲᠡᠶ᠃ ᠲᠡᠮᠦᠷ ᠤᠨ ᠬᠠᠶᠢᠯᠤᠰᠢ᠂ ᠬᠢᠮᠢ ᠶᠢᠨ ᠠᠵᠤ ᠦᠢᠯᠡᠳᠪᠦᠷᠢ᠂ ᠪᠠᠯ ᠴᠢᠯᠠᠭᠤᠨ ᠴᠠᠬᠢᠯᠭᠠᠨ ᠲᠦᠢᠯ᠂ ᠢᠳᠡᠭᠡᠨ ᠡᠳ᠋ᠰᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ ᠶᠢ ᠲᠦᠷᠭᠡᠳᠬᠡᠵᠦ᠂ ᠲᠤᠮᠤ ᠳ᠋ᠠᠶᠢᠲ᠋ᠠ᠂ ᠰᠢᠨ᠎ᠡ ᠡᠨᠧᠷᠭᠢ ᠵᠡᠷᠭᠡ ᠢᠷᠡᠭᠡᠳᠦᠢ ᠶᠢᠨ ᠠᠵᠤ ᠦᠢᠯᠡᠰ ᠢ ᠬᠦᠴᠦᠯᠡᠨ ᠪᠤᠶᠢᠵᠢᠭᠤᠯᠵᠤ᠂ ᠦᠷᠭᠦᠯᠵᠢᠯᠡᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠦᠷᠢᠯᠳᠦᠭᠦᠯᠬᠦ ᠬᠡᠷᠡᠭᠲᠡᠢ᠃ ᠡᠨᠧᠷᠭᠢ ᠶᠢᠨ ᠪᠦᠲᠦᠴᠡ ᠳᠤ ᠲᠦᠷᠭᠡᠨ ᠲᠣᠬᠢᠷᠠᠭᠤᠯᠤᠯᠲᠠ ᠬᠢᠵᠦ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠵᠤ᠂ ᠪᠣᠬᠢᠷᠲᠤᠯ ᠦᠭᠡᠢ ᠴᠠᠬᠢᠯᠭᠠᠨ ᠢ ᠪᠠᠭᠲᠠᠭᠠᠨ ᠠᠰᠢᠭᠯᠠᠬᠤ ᠶᠢ ᠠᠬᠢᠭᠤᠯᠵᠤ᠂ ᠰᠠᠯᠬᠢᠨ ᠬᠦᠴᠦᠨ ᠤ ᠴᠠᠬᠢᠯᠭᠠᠨ ᠭᠡᠷᠡᠯ ᠸᠣᠯᠲ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢᠨ ᠲᠠᠯ᠎ᠠ ᠪᠠᠷ ᠳᠡᠭᠡᠳᠦ ᠤᠷᠤᠰᠬᠠᠯ ᠣᠯᠬᠤ ᠪᠠᠷ ᠴᠢᠷᠮᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ ᠡᠵᠡᠮᠳᠡᠯ ᠤᠨ ᠲᠦᠷᠢᠮ ᠢ ᠰᠦᠪᠡᠭᠴᠢᠯᠡᠨ ᠪᠠᠶᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠯᠠᠪᠳᠠᠭᠤᠨ ᠪᠠᠲᠤᠲᠠᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃                                                                                     ᠣᠷᠴᠢᠭᠤᠯᠤᠭᠴᠢ᠄ ᠭᠤᠸ᠎ᠠ                                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2