︽ᠤᠯᠠᠭᠠᠨᠴᠠᠪ ᠬᠤᠲᠠ ᠶᠢᠨ ᠣᠲᠣ ᠦᠶ᠎ᠡ ᠶᠢᠨ ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠭᠴᠢ ᠬᠤᠳᠠ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ︾ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/5/28
ᠨᠢᠭᠡ᠂ ᠲᠣᠭᠲᠠᠭᠠᠭᠰᠠᠨ ᠠᠬᠤᠶ ᠪᠠᠶᠢᠳᠠᠯ    ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠲᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠬᠠᠶ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠠᠭᠠᠨᠴᠠᠪ ᠬᠤᠲᠠ ᠶᠢᠨ ᠴᠢᠳᠠᠮᠵᠢᠳᠦ ᠬᠡᠯᠪᠡᠷᠢ ᠶᠢᠨ ᠭᠦᠢᠯᠭᠡᠭᠡᠨ ᠤ ᠲᠤᠯᠭᠠᠭᠤᠷᠢᠯᠠᠭᠴᠢ ᠬᠤᠳᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠬᠦᠴᠦᠲᠡᠶ ᠠᠬᠢᠭᠤᠯᠵᠤ᠂ ᠭᠦᠢᠯᠭᠡᠭᠡᠨ ᠤ ᠣᠳᠣᠬᠢᠴᠢᠯᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︽ᠣᠲᠣ ᠦᠶ᠎ᠡ ᠶᠢᠨ ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠭᠴᠢ ᠬᠤᠳᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠵᠦᠪᠯᠡᠯ ᠨᠢ ᠤᠯᠤᠰ ᠤᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠣᠲᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠰᠦᠯ︾ ᠲᠠᠢ ᠤᠶᠠᠯᠳᠤᠭᠤᠯᠵᠦ᠂ ᠮᠠᠨ ᠤ ᠬᠤᠲᠠ ᠶᠢᠨ ᠪᠣᠳᠠᠲᠠᠶ ᠳᠤ ᠰᠠᠭᠤᠷᠢᠯᠠᠨ᠂ ︽ᠤᠯᠠᠭᠠᠨᠴᠠᠪ ᠬᠤᠲᠠ ᠶᠢᠨ ᠣᠲᠣ ᠦᠶ᠎ᠡ ᠶᠢᠨ ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠭᠴᠢ ᠬᠤᠳᠠ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠨᠠᠶᠢᠷᠠᠭᠤᠯᠤᠨ ᠵᠣᠬᠢᠶᠠᠪᠠ᠃ ᠤᠳᠤ ᠬᠤᠳᠠ ᠶᠢᠨ ᠵᠠᠰᠠᠭ ᠤᠨ ᠣᠷᠳᠣᠨ ᠤ 2024 ᠣᠨ ᠤ 11 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠬᠤᠳᠠ ᠶᠢᠨ ᠵᠠᠰᠠᠭ ᠤᠨ ᠣᠷᠳᠣᠨ ᠠᠴᠠ ᠳᠠᠷᠤᠮᠠᠯᠯᠠᠨ ᠲᠠᠷᠬᠠᠭᠠᠨ᠎ᠠ᠃ᠬᠤᠶᠠᠷ᠂ ︽ᠲᠥᠰᠦᠯ︾ ᠤᠨ ᠭᠤᠣᠯ ᠠᠭᠤᠯᠭ᠎ᠠ    ︽ᠲᠥᠰᠦᠯ︾ ᠨᠢ ᠲᠤᠯᠤᠭᠠᠨ ᠬᠡᠰᠡᠭ ᠢᠶᠠᠷ ᠪᠦᠷᠢᠯᠳᠦᠵᠡᠶ᠄   ᠨᠢᠭᠡᠳᠦᠭᠡᠷ ᠬᠡᠰᠡᠭ᠂ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠴᠣᠭᠴᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠥᠨᠳᠥᠷ ᠪᠦᠲᠦᠮᠵᠢᠲᠡᠶ ᠪᠥᠭᠡᠳ ᠤᠷᠤᠭᠰᠢᠲᠠᠶ ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠬᠤ ᠲᠤᠬᠠᠶ ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ ᠲᠦᠷᠭᠡᠳᠬᠡᠨ ᠪᠠᠶᠢᠭᠤᠯᠬᠤ ᠲᠠᠪᠤᠨ ᠶᠡᠭᠡ ᠡᠭᠦᠷᠭᠡ ᠶᠢᠨ ᠲᠣᠭᠤᠷᠢᠨ ᠳᠤ ᠤᠯᠠᠭᠠᠨᠴᠠᠪ ᠤᠨ ᠡᠬᠢ ᠪᠠᠶᠠᠯᠢᠭ ᠤᠨ ᠳᠠᠪᠠᠭᠤᠯᠢᠭ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠣᠲᠣ ᠦᠶ᠎ᠡ ᠶᠢᠨ ᠭᠦᠢᠯᠭᠡᠭᠡᠨ ᠤ  ᠰᠢᠰᠲ᠋ᠧᠮᠵᠢ ᠶᠢᠨ ᠵᠠᠩᠭᠢᠯᠠᠭ᠎ᠠ ᠶᠢᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠢ ᠰᠠᠶᠢᠲᠤᠷ ᠬᠢᠨ᠎ᠠ᠃   ᠬᠤᠶᠠᠳᠤᠭᠠᠷ ᠬᠡᠰᠡᠭ᠂ ᠬᠥᠭᠵᠢᠯᠲᠡ ᠶᠢᠨ ᠬᠠᠷᠠᠯᠲᠠ᠃    ︵ᠨᠢᠭᠡ︶ ᠶᠡᠷᠦᠩᠬᠡᠢ ᠪᠦᠲᠦᠭᠡᠨ ᠪᠠᠶᠢᠬᠤᠯᠤᠯᠲᠠ ᠶᠢᠨ ᠬᠠᠷᠠᠯᠲᠠ᠃ 2035 ᠤᠨ ᠪᠣᠯᠬᠤ ᠳᠤ᠂ ᠣᠳᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠨ᠎ᠡ᠃    ︵ᠬᠤᠶᠠᠷ︶ ᠱᠠᠲᠤ ᠦᠶ᠎ᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠶᠢᠨ ᠬᠠᠷᠠᠯᠲᠠ᠃ 2025 ᠤᠨ ᠪᠣᠯᠬᠤ ᠳᠤ᠂ ᠣᠳᠣ ᠦᠶ᠎ᠡ ᠶᠢᠨ ᠭᠦᠢᠯᠭᠡᠭᠡᠨ ᠤ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠣᠷᠣᠨ ᠪᠠᠶᠢᠷᠢ ᠶᠢᠨ ᠵᠠᠮ ᠬᠠᠷᠢᠯᠴᠠᠭ᠎ᠠ ᠶᠢᠨ ᠳᠠᠪᠠᠭᠤᠯᠢᠭ ᠪᠠ ᠳᠣᠲᠣᠷ ᠭᠠᠵᠠᠷ ᠤᠨ ᠬᠠᠷᠢᠴᠠᠩᠭᠤᠢ ᠳᠠᠪᠠᠭᠤᠯᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠭᠦᠢᠯᠭᠡᠭᠡᠨ ᠤ ᠲᠣᠣᠷ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃   ᠭᠤᠷᠪᠠᠳᠤᠭᠠᠷ ᠬᠡᠰᠡᠭ᠂ ᠭᠤᠣᠯᠯᠠᠭᠴᠢ ᠭᠦᠢᠯᠭᠡᠭᠡᠨ ᠤ ᠬᠤᠩᠭᠢᠯ ᠤᠨ ᠴᠢᠳᠠᠪᠤᠷᠢ ᠶᠢ ᠪᠠᠲᠤᠯᠠᠨ᠎ᠠ᠃ ᠪᠣᠳᠠᠲᠠᠶ ᠪᠠᠷ ᠬᠡᠯᠡᠪᠡᠯ᠄    ︵ᠨᠢᠭᠡ︶ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠲᠠᠢ ᠠᠭᠤᠰᠤᠯᠴᠠᠭᠤᠯᠤᠨ᠎ᠠ᠃ ︵ᠬᠤᠶᠠᠷ︶ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠤᠨ᠎ᠠ᠃ ︵ᠭᠤᠷᠪᠠ︶ ᠳᠤᠮᠳᠠᠳᠤ ᠮᠣᠩᠭᠤᠯ ᠣᠷᠣᠰ ᠤᠨ ᠡᠨᠧᠷᠭᠢ ᠠᠭᠤᠷᠬᠠᠶ ᠶᠢᠨ ᠡᠬᠢ ᠪᠠᠶᠠᠯᠢᠭ ᠤᠨ ᠳᠠᠪᠠᠭᠤᠯᠢᠭ ᠢᠶᠠᠷ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠵᠦ᠂ ᠤᠯᠤᠰ ᠤᠨ ᠡᠨᠧᠷᠭᠢ ᠶᠢᠨ ᠬᠠᠩᠭᠠᠯᠭ᠎ᠠ ᠶᠢ ᠰᠠᠶᠢᠲᠤᠷ ᠬᠢᠨ᠎ᠠ᠃   ᠳᠥᠷᠪᠡᠳᠦᠭᠡᠷ ᠬᠡᠰᠡᠭ᠂ ᠣᠳᠣ ᠦᠶ᠎ᠡ ᠶᠢᠨ ᠭᠦᠢᠯᠭᠡᠭᠡᠨ ᠤ ᠪᠠᠢᠯᠳᠤᠬᠤ ᠪᠣᠳᠣᠯᠭ᠎ᠠ ᠶᠢᠨ ᠲᠤᠯᠭᠠᠭᠤᠷᠢᠯᠠᠭᠴᠢ ᠬᠤᠲᠠ ᠶᠢᠨ ᠣᠷᠣᠨ ᠵᠠᠢ ᠶᠢᠨ ᠪᠠᠢᠷᠢᠯᠠᠭᠤᠯᠤᠯᠲᠠ ᠶᠢ ᠰᠠᠶᠢᠳᠤᠷ ᠬᠢᠨ᠎ᠡ᠃ ᠤᠯᠤᠰ ᠤᠨ ︽6 ᠲᠡᠩᠭᠡᠯᠢᠭ 7 ᠬᠤᠩᠭᠢᠯ 8 ᠵᠠᠮ︾ ᠤᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠭᠤᠣᠯ ᠲᠣᠣᠷ ᠤᠨ ᠪᠠᠶᠢᠷᠢᠰᠢᠭᠤᠯᠤᠯᠲᠠ ᠶᠣᠰᠣᠭᠠᠷ᠂ ︽ᠠᠷᠪᠠᠨ ᠭᠤᠯᠳᠤ ᠠᠷᠪᠠᠨ ᠬᠥᠨᠳᠡᠯᠡᠨ︾ ᠶᠡᠷᠦᠩᠬᠡᠶᠢᠯᠡᠭᠰᠡᠨ ᠲᠡᠭᠡᠭᠡᠪᠦᠷᠢ ᠶᠢᠨ ᠶᠡᠭᠡ ᠵᠠᠮ ᠪᠠ ᠤᠯᠤᠰ ᠤᠨ ᠳᠣᠲᠣᠭᠠᠳᠤ ᠶᠢᠨ ᠪᠠᠷᠠᠭᠠᠨ ᠤ ᠭᠦᠢᠯᠭᠡᠭᠡᠨ ᠤ ᠶᠡᠭᠡ ᠵᠠᠮ ᠤᠨ ᠦᠨᠳᠦᠰᠦᠨ ᠪᠠᠶᠢᠷᠢᠰᠢᠯ ᠲᠠᠢ ᠤᠶᠠᠯᠳᠤᠭᠤᠯᠤᠨ᠂ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ᠂ ᠤᠯᠤᠰ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠭᠤᠤᠯ ᠰᠠᠭᠤᠷᠢᠨ ᠭᠠᠵᠠᠷ ᠢᠶᠠᠷ ᠲᠤᠯᠭᠠᠭᠤᠷᠢᠯᠠᠬᠤ ᠴᠡᠭ ᠪᠣᠯᠭᠠᠵᠤ᠂ ᠤᠯᠠᠭᠠᠨᠴᠠᠪ ᠨᠢ ᠣᠷᠣᠨ ᠪᠦᠰᠡ ᠶᠢᠨ ᠲᠥᠪ ᠬᠤᠳᠠ ᠪᠠ ᠪᠦᠬᠦ ᠤᠯᠤᠰ ᠤᠨ ᠭᠦᠢᠯᠭᠡᠭᠡᠨ ᠤ ᠵᠠᠩᠭᠢᠯᠠᠭ᠎ᠠ ᠶᠢᠨ ᠴᠡᠭ ᠤᠨ ᠭᠤᠣᠯᠯᠠᠬᠤ ᠬᠤᠳᠠ ᠪᠣᠯᠤᠭᠰᠠᠨ ᠤ ᠬᠤᠪᠢ ᠳᠤ ᠤᠯᠠᠨ ᠳᠡᠰ ᠳᠠᠪᠬᠤᠷᠭ᠎ᠠ ᠶᠢᠨ ᠰᠦᠯᠵᠢᠶᠡᠨ ᠤ ᠬᠦᠢᠰᠦ ᠶᠢ ᠪᠠᠶᠢᠭᠤᠯᠵᠤ᠂ ᠤᠮᠠᠷᠠᠲᠤ ᠣᠷᠣᠨ ᠢ ᠨᠥᠯᠥᠭᠡᠯᠡᠭᠰᠡᠨ᠂ ᠪᠠᠷᠠᠭᠤᠨ ᠬᠤᠶᠢᠲᠤ ᠣᠷᠣᠨ ᠢ ᠬᠤᠯᠪᠣᠭᠰᠠᠨ ᠪᠥᠭᠡᠳ ᠪᠡᠭᠡᠵᠢᠩ ᠲᠢᠶᠠᠨᠵᠢᠨ ᠾᠧᠪᠸᠢ ᠶᠢ ᠬᠥᠬᠡᠮᠥ᠋ᠷᠡᠨ ᠤ ᠭᠤᠷᠪᠠᠯᠵᠢᠨ ᠬᠤᠶᠢᠭ᠂ ᠴᠧᠩᠳᠦ᠋ ᠴᠦᠩᠴᠢᠩ᠂ ᠭᠤᠸᠠᠩᠳᠦ᠋ᠩ ᠰᠢᠶᠠᠩᠭᠠᠩ ᠣᠣᠮᠧᠨ ᠤ ᠭᠠᠵᠠᠷ ᠣᠷᠣᠨ ᠲᠠᠢ ᠵᠣᠯᠭᠠᠭᠤᠯᠤᠭᠰᠠᠨ ᠥᠨᠳᠥᠷ ᠪᠦᠲᠦᠮᠵᠢᠲᠡᠢ ᠤᠳᠤ ᠦᠶ᠎ᠡ ᠶᠢᠨ ᠭᠦᠢᠯᠭᠡᠭᠡᠨ ᠤ ᠲᠣᠣᠷ ᠢ ᠲᠦᠷᠭᠡᠳᠬᠡᠨ ᠪᠠᠶᠢᠭᠤᠯᠤᠨ᠎ᠠ᠃   ᠲᠠᠪᠤᠳᠤᠭᠠᠷ ᠬᠡᠰᠡᠭ᠂ ᠤᠯᠤᠰ ᠤᠨ ᠴᠢᠬᠤᠯᠠ ᠡᠨᠧᠷᠭᠢ ᠶᠢᠨ ᠦᠢᠯᠡᠳᠬᠦᠨ ᠤ ᠭᠤᠣᠯᠯᠠᠭᠴᠢ ᠭᠦᠢᠯᠭᠡᠭᠡᠨ ᠤ ᠲᠣᠣᠷ ᠢ ᠪᠠᠢᠭᠤᠯᠤᠨ᠎ᠠ᠃ ᠪᠣᠳᠠᠲᠠᠶ ᠪᠠᠷ ᠬᠡᠯᠡᠪᠡᠯ᠄    ︵ᠨᠢᠭᠡ︶ ᠣᠷᠣᠨ ᠪᠦᠰᠡ ᠶᠢᠨ ᠴᠢᠨᠠᠷᠲᠠᠶ ᠪᠠᠶᠢᠭᠠᠯᠢ ᠶᠢᠨ ᠰᠢᠲᠠᠮᠠᠬᠠᠶ ᠬᠡᠢ ᠶᠢᠨ ᠬᠦᠢᠰᠦ ᠶᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ ︵ᠬᠤᠶᠠᠷ︶ ᠪᠣᠬᠢᠷᠲᠤᠯ ᠦᠭᠡᠶ ᠤᠰᠤᠲᠥ᠋ᠷᠥᠭᠴᠢ ᠶᠢ ᠪᠡᠭᠡᠵᠢᠩ ᠳᠤ ᠣᠷᠣᠭᠤᠯᠬᠤ ᠵᠢᠱᠢᠶ᠎ᠡ ᠦᠵᠡᠭᠦᠯᠬᠦ ᠢᠨᠵᠧᠨᠧᠷᠢᠩ ᠢ ᠶᠡᠬᠡᠪᠡᠷ ᠪᠠᠶᠢᠭᠤᠯᠤᠨ᠎ᠠ᠃ ︵ᠭᠤᠷᠪᠠ︶ ᠴᠡᠪᠡᠷ ᠴᠠᠬᠢᠯᠭᠠᠨ ᠬᠦᠴᠦᠨ ᠳᠠᠮᠵᠢᠭᠤᠯᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠤᠨ᠎ᠡ᠃   ᠵᠢᠷᠭᠤᠳᠤᠭᠠᠷ ᠬᠡᠰᠡᠭ᠂ ᠭᠤᠣᠯᠳᠠᠯᠭ᠎ᠠ ᠲᠠᠢ ᠡᠭᠦᠷᠭᠡ᠃ ᠳᠣᠣᠷᠠᠬᠢ ᠵᠢᠷᠭᠤᠭᠠᠨ ᠲᠠᠯ᠎ᠠ ᠶᠢᠨ ᠭᠤᠣᠯᠳᠠᠯᠭ᠎ᠠ ᠲᠠᠢ ᠠᠭᠤᠯᠭ᠎ᠠ ᠳᠤ ᠬᠤᠯᠪᠤᠭᠳᠠᠨ᠎ᠠ᠄    ︵ᠨᠢᠭᠡ︶ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠣᠳᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢᠨ ᠠᠵᠢᠯᠯᠠᠭᠠᠨ ᠤ ᠥᠨᠳᠥᠷ ᠦᠷ᠎ᠡ ᠪᠦᠲᠦᠮᠵᠢᠲᠡᠶ ᠪᠠᠶᠢᠬᠤ ᠶᠢ ᠪᠠᠲᠤᠯᠠᠨ᠎ᠠ᠃ 1. ᠭᠦᠢᠯᠭᠡᠭᠡᠨ ᠤ ᠵᠠᠮ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ 2. ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠴᠢᠳᠠᠮᠵᠢ ᠶᠢ ᠳᠡᠭᠡᠭᠰᠢᠯᠡᠭᠦᠯᠦᠨ᠎ᠡ᠃ 3. ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠲᠣᠤᠷ ᠢ ᠪᠠᠶᠢᠭᠤᠯᠤᠨ᠎ᠠ᠃ 4. ᠡᠷᠢᠶᠡᠨ ᠪᠣᠭᠤᠮᠲᠠ ᠯᠤᠭ᠎ᠠ ᠶᠢᠨ ᠰᠢᠭᠤᠳ ᠬᠤᠯᠪᠤᠯᠴᠠᠭ᠎ᠠ ᠰᠢᠭᠤᠳ ᠨᠡᠪᠳᠡᠷᠡᠯᠴᠡᠭᠡ ᠪᠠᠨ ᠴᠢᠩᠭᠠᠳᠬᠠᠨ᠂ ᠭᠦᠢᠯᠭᠡᠭᠡᠨ ᠤ ᠠᠷᠭ᠎ᠠ ᠵᠠᠮ ᠢ ᠰᠢᠨ᠎ᠡ ᠪᠠᠷ ᠪᠠᠶᠢᠭᠤᠯᠤᠨ᠎ᠠ᠃ ᠨᠡᠪᠲᠡᠷᠡᠬᠦ ᠵᠠᠮ ᠤᠨ ᠦᠢᠯᠡᠴᠢᠯᠡᠭᠡᠨ ᠤ ᠲᠣᠤᠷ ᠢ ᠥᠷᠭᠡᠳᠬᠡᠨ᠎ᠡ᠃ 6. ᠬᠦᠢᠲᠡᠨ ᠬᠡᠯᠬᠢᠶ᠎ᠡ ᠶᠢ ᠴᠢᠩᠭᠠᠷᠠᠭᠤᠯᠤᠨ᠎ᠠ᠃ 7. ᠪᠠᠴᠢᠮ ᠪᠠᠶᠢᠳᠠᠯ ᠢ ᠠᠷᠭᠠᠴᠠᠬᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃    ︵ᠬᠤᠶᠠᠷ︶ ᠭᠦᠢᠯᠭᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠳᠣ ᠦᠶ᠎ᠡ ᠶᠢᠨ ᠭᠦᠢᠯᠭᠡᠭᠡᠨ ᠤ ᠲᠣᠤᠷ ᠢ ᠲᠡᠭᠦᠯᠳᠡᠷᠵᠢᠭᠦᠯᠦᠨ᠎ᠡ᠃ 1. ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠲᠣᠤᠷ ᠢ ᠲᠡᠭᠦᠯᠳᠡᠷᠵᠢᠭᠦᠯᠦᠨ᠎ᠡ᠃ 2. ᠬᠤᠲᠠ ᠬᠥᠳᠡᠭᠡ ᠶᠢᠨ ᠵᠠᠮ ᠬᠠᠷᠢᠯᠴᠠᠭ᠎ᠠ ᠶᠢ ᠰᠠᠭᠠᠳ ᠦᠭᠡᠶ ᠨᠡᠪᠲᠡᠷᠡᠭᠦᠯᠵᠦ᠂ ᠬᠥᠳᠡᠭᠡ ᠲᠣᠰᠬᠤᠨ ᠤ ᠣᠳᠣ ᠦᠶ᠎ᠡ ᠶᠢᠨ ᠭᠦᠢᠯᠭᠡᠭᠡᠨ ᠤ ᠲᠣᠤᠷ ᠢ ᠪᠠᠶᠢᠭᠤᠯᠤᠨ᠎ᠠ᠃ 3. ᠵᠠᠮ ᠬᠠᠷᠢᠯᠴᠠᠭ᠎ᠠ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ 4. ᠵᠠᠮ ᠬᠠᠷᠢᠯᠴᠠᠭ᠎ᠠ ᠲᠡᠭᠡᠭᠡᠪᠦᠷᠢ ᠶᠢᠨ ᠤᠶᠤᠨᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃    ︵ᠭᠤᠷᠪᠠ︶ ᠲᠠᠸᠠᠷ ᠪᠠ ᠡᠬᠢ ᠪᠠᠶᠠᠯᠢᠭ ᠤᠨ ᠡᠯᠧᠮᠧᠨ᠋ᠲ ᠤᠨ ᠭᠦᠢᠯᠭᠡᠭᠡᠨ ᠤ ᠣᠷᠴᠢᠨ ᠢ ᠰᠢᠯᠢᠳᠡᠭᠵᠢᠭᠦᠯᠦᠨ᠎ᠡ᠃ 1. ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠣᠷᠴᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ 2. ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢ ᠳᠡᠮᠵᠢᠵᠦ᠂ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠨ᠎ᠠ᠃ 3. ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠢᠷᠤᠮᠵᠢᠯ ᠢ ᠠᠬᠢᠭᠤᠯᠵᠤ᠂ ᠡᠷᠬᠡ ᠲᠡᠭᠰᠢ ᠡᠮᠬᠢ ᠵᠢᠷᠤᠮ ᠲᠠᠢ ᠥᠷᠢᠰᠥᠯᠳᠦᠬᠦ ᠣᠷᠴᠢᠨ ᠠᠬᠤᠶ ᠶᠢ ᠪᠤᠶ ᠪᠣᠯᠭᠠᠨ᠎ᠠ᠃    ︵ᠲᠦᠷᠪᠡ︶ ᠣᠳᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ 1. ᠣᠳᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠲᠣᠤᠷ ᠢ ᠪᠦᠷᠢᠨᠰᠢᠭᠦᠯᠦᠨ᠎ᠡ᠃ 2. ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠵᠠᠮ ᠢ ᠰᠠᠭᠠᠳ ᠦᠭᠡᠶ ᠨᠡᠪᠲᠡᠷᠡᠭᠦᠯᠦᠨ᠎ᠡ᠃ 3. ᠬᠤᠲᠠ᠂ ᠰᠢᠶᠠᠨ ᠤ ᠬᠡᠪᠴᠢᠶᠡᠨ ᠳᠠᠬᠢ ᠠᠷᠠᠯᠵᠢᠶ᠎ᠠ ᠬᠤᠳᠠᠯᠳᠤᠭᠠᠨ ᠤ ᠰᠢᠰᠲ᠋ᠧᠮᠵᠢ ᠶᠢ ᠰᠢᠯᠢᠳᠡᠭᠵᠢᠭᠦᠯᠦᠨ᠎ᠡ᠃ 4. ᠤᠯᠠᠮᠵᠢᠯᠠᠯᠲᠤ ᠠᠷᠠᠯᠵᠢᠶ᠎ᠠ ᠬᠤᠳᠠᠯᠳᠤᠭ᠎ᠠ᠂ ᠪᠠᠷᠠᠭᠠᠨ ᠤ ᠭᠦᠢᠯᠭᠡᠭᠡᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ᠃    ︵ᠲᠠᠪᠤ︶ ᠣᠳᠣ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠭᠦᠢᠯᠭᠡᠭᠡᠨ ᠤ ᠴᠢᠳᠠᠮᠵᠢ ᠶᠢ ᠥᠷᠭᠡᠳᠬᠡᠨ᠎ᠡ᠃ 1. ᠭᠦᠢᠯᠭᠡᠭᠡᠨ ᠤ ᠬᠦᠷᠢᠶ᠎ᠡ ᠴᠠᠷᠠᠭ᠎ᠠ ᠳᠠᠬᠢ ᠮᠥᠩᠭᠦᠨ ᠭᠦᠢᠯᠭᠡᠭᠡᠨ ᠤ ᠬᠠᠩᠭᠠᠯᠭ᠎ᠠ ᠶᠢ ᠥᠷᠭᠡᠳᠬᠡᠨ᠎ᠡ᠃ 2. ᠭᠦᠢᠯᠭᠡᠭᠡᠨ ᠤ ᠬᠦᠷᠢᠶ᠎ᠡ ᠴᠠᠷᠠᠭ᠎ᠠ ᠳᠠᠬᠢ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠨ᠎ᠡ ᠶᠢ ᠡᠭᠦᠳᠦᠨ᠎ᠡ᠃    ︵ᠵᠢᠷᠭᠤᠭ᠎ᠠ︶ ᠭᠦᠢᠯᠭᠡᠭᠡᠨ ᠤ ᠬᠦᠷᠢᠶ᠎ᠡ ᠴᠠᠷᠠᠭ᠎ᠠ ᠳᠠᠬᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃   ᠳᠣᠯᠣᠳᠤᠭᠠᠷ ᠬᠡᠰᠡᠭ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠃ᠭᠤᠷᠪᠠ᠂ ᠲᠥᠰᠦᠯ ᠤᠨ ᠠᠴᠢ ᠬᠤᠯᠪᠣᠭᠳᠠᠯ    ︽ᠲᠥᠰᠦᠯ︾ ᠨᠢ ᠤᠯᠠᠭᠠᠨᠴᠠᠪ ᠬᠤᠲᠠ ᠶᠢᠨ ᠡᠬᠢ ᠪᠠᠶᠠᠯᠢᠭ ᠤᠨ ᠳᠠᠪᠠᠭᠤᠯᠢᠭ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠮᠠᠨ ᠤ ᠬᠤᠲᠠ ᠶᠢᠨ ᠤᠮᠠᠷᠠᠰᠢ ᠮᠣᠩᠭᠤᠯ ᠣᠷᠣᠰ ᠢ ᠬᠤᠯᠪᠣᠬᠤ᠂ ᠵᠡᠭᠦᠨᠰᠢ ᠪᠦᠸᠧᠬᠠᠶ ᠲᠠᠩᠭᠢᠰ ᠢ ᠬᠤᠯᠪᠣᠭᠰᠠᠨ ᠡᠨᠧᠷᠭᠢ ᠶᠢᠨ ᠭᠤᠣᠯᠯᠠᠭᠴᠢ ᠭᠦᠢᠯᠭᠡᠭᠡᠨ ᠤ ᠬᠤᠩᠭᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠯᠠᠭᠠᠨᠴᠠᠪ ᠬᠤᠲᠠ ᠶᠢᠨ ᠴᠢᠳᠠᠮᠵᠢᠳᠤ ᠬᠡᠯᠪᠡᠷᠢ ᠶᠢᠨ ᠭᠦᠢᠯᠭᠡᠭᠡᠨ ᠤ ᠲᠤᠯᠭᠠᠭᠤᠷᠢᠯᠠᠭᠴᠢ ᠬᠤᠳᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠬᠦᠴᠦᠲᠡᠶ ᠠᠬᠢᠭᠤᠯᠵᠤ᠂ ᠣᠲᠣ ᠦᠶ᠎ᠡ ᠶᠢᠨ ᠭᠦᠢᠯᠭᠡᠭᠡᠨ ᠤ ᠰᠢᠰᠲ᠋ᠧᠮ ᠢ ᠪᠠᠶᠢᠭᠤᠯᠬᠤ᠂ ᠨᠠᠩ ᠶᠡᠭᠡ ᠬᠡᠪᠴᠢᠶ᠎ᠡ᠂ ᠨᠠᠩ ᠥᠨᠳᠥᠷ ᠦᠷ᠎ᠡ ᠪᠦᠲᠦᠮᠵᠢ ᠲᠠᠢ ᠪᠠᠷ ᠦᠢᠯᠡᠳᠪᠦᠷᠢᠯᠡᠯ ᠪᠠ ᠬᠡᠷᠡᠭᠯᠡᠭᠡ ᠶᠢ ᠬᠤᠯᠪᠣᠬᠤ᠂ ᠳᠣᠲᠣᠭᠠᠳᠤ ᠳᠠᠭᠠᠨ ᠰᠠᠭᠠᠳ ᠥᠬᠡᠶ ᠭᠠᠳᠠᠭᠠᠳᠤ ᠳᠠᠭᠠᠨ ᠬᠤᠯᠪᠤᠭᠠᠯᠠᠭᠰᠠᠨ ᠣᠲᠣ ᠦᠶ᠎ᠡ ᠶᠢᠨ ᠭᠦᠢᠯᠭᠡᠭᠡᠨ ᠤ ᠲᠣᠤᠷ ᠢ ᠪᠣᠶ ᠪᠣᠯᠭᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠦᠢᠯᠡᠴᠢᠯᠡᠬᠦ ᠪᠠ ᠠᠭᠤᠰᠤᠯᠴᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2