ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ | ᠮᠠᠨ ᠤ ᠬᠤᠲᠠ ᠶᠢᠨ ᠬᠤᠲᠠ ᠳᠤ ᠰᠠᠭᠤᠭ᠎ᠠ ᠴᠡᠷᠢᠭ ᠠᠩᠭᠢ ᠶᠢᠨ ᠴᠡᠷᠢᠭ ᠳᠠᠭᠠᠭᠰᠠᠨ ᠠᠵᠢᠯ ᠣᠯᠤᠭᠠᠳᠤᠶ ᠬᠡᠷ | ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠦᠨᠡᠨ ᠬᠦ | ᠰᠠᠶᠢᠲᠤᠷ ᠬᠢᠬᠦ ᠶᠢᠨ ᠲᠥᠯᠥᠭᠡ᠂ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠠᠴᠠ | ︽ᠤᠯᠠᠭᠠᠨᠴᠠᠪ ᠬᠤᠲᠠ ᠶᠢᠨ ᠬᠤᠲᠠ ᠳᠤ ᠰᠠᠭᠤᠭ᠎ᠠ ᠴᠡᠷᠢᠭ ᠠᠩᠭᠢ ᠶᠢᠨ ᠴᠡᠷᠢᠭ ᠳᠠᠭᠠᠭᠰᠠᠨ ᠬᠡᠷ ᠪᠦᠯᠢ ᠶᠢᠨ ᠬᠢᠨ | ᠳᠤ ᠠᠮᠢᠳᠤᠷᠠᠯ ᠤᠨ ᠨᠥᠬᠦᠪᠥᠷᠢ ᠣᠯᠭᠤᠬᠤ ᠬᠠᠮᠢᠶᠠᠷᠤᠯᠲᠠ ᠶᠢ ᠬᠡᠷᠡᠭᠵᠢᠭᠦᠯᠬᠦ ᠨᠠᠷᠢᠨ ᠲᠦᠷᠢᠮ ︵ᠵᠠᠰᠠᠪᠤᠷᠢ | ᠣᠷᠣᠭᠤᠯᠤᠭᠰᠠᠨ ᠬᠡᠪᠯᠡᠯ︶︾ ᠳᠤ ᠵᠠᠰᠠᠪᠤᠷᠢ ᠣᠷᠣᠭᠤᠯᠤᠭᠰᠠᠨ ᠪᠥᠭᠡᠳ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ 2024 ᠣᠨ ᠤ 11 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ | ᠪᠠᠲᠤᠯᠠᠭᠠᠳ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠳᠠᠷᠤᠮᠠᠯᠯᠠᠨ ᠲᠠᠷᠬᠠᠭᠠᠬᠤ ᠪᠠᠷ ᠵᠢᠱᠢᠵᠦ ᠪᠣᠶ᠃ | ᠬᠤᠶᠠᠷ᠂ ᠵᠠᠰᠠᠪᠤᠷᠢ ᠣᠷᠣᠭᠤᠯᠤᠭᠰᠠᠨ ᠲᠣᠳᠣᠷᠬᠠᠶᠢᠯᠠᠯᠲᠠ | ᠨᠢᠭᠡ ᠳᠤ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ︽ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠤᠨ ᠳᠢᠭᠯᠡᠬᠦ ᠠᠵᠢᠯ ᠥᠷᠨᠢᠭᠦᠯᠬᠦ ᠲᠤᠬᠠᠶ ᠵᠠᠬᠢᠳᠠᠯ︾ ᠤᠨ ᠱᠠᠭᠠᠷᠳᠠᠯᠭ᠎ᠠ | ᠶᠣᠰᠣᠭᠠᠷ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ | ᠪᠣᠯᠭᠠᠬᠤ︾ ᠬᠠᠮᠢᠶ᠎ᠠ ᠪᠥᠬᠦᠶ ᠥᠭᠦᠯᠡᠯᠲᠡ ᠶᠢ ᠨᠡᠮᠡᠪᠡ᠃ ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠵᠣᠬᠢᠶᠠᠨ | ᠪᠠᠶᠢᠭᠤᠯᠬᠤ ᠬᠡᠯᠲᠡᠰ ᠵᠡᠷᠭᠡ 9 ᠰᠠᠯᠠᠭ᠎ᠠ ᠮᠥᠴᠢᠷ ᠤᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠬᠥᠮᠦᠨ ᠤ ᠴᠡᠷᠢᠭ ᠳᠠᠭᠠᠭᠰᠠᠨ ᠬᠡᠷ ᠪᠦᠯᠢ ᠶᠢᠨ ᠬᠢᠨ ᠳᠤ | ᠠᠵᠢᠯ ᠣᠯᠭᠤᠵᠤ ᠲᠥᠪᠬᠢᠨᠡᠭᠦᠯᠬᠦ ᠬᠡᠷᠡᠭᠵᠢᠭᠦᠯᠬᠦ ᠠᠷᠭ᠎ᠠ︾ ︵ᠵᠠᠰᠠᠭ ﹇2020﹈ 200 ᠳ᠋ᠤᠭᠠᠷ ᠲᠣᠭᠠᠲᠤ︶ ᠤᠨ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠨᠥᠬᠦᠪᠥᠷᠢ ᠤᠯᠬᠤ ᠠᠵᠢᠯᠳᠠᠨ ᠤ ᠲᠥᠷᠥᠯ ᠵᠦᠢᠯ ᠢ | ᠨᠡᠮᠡᠪᠡ᠃ | ︽ᠵᠠᠰᠠᠪᠤᠷᠢ ᠣᠷᠣᠭᠤᠯᠤᠭᠰᠠᠨ ᠬᠡᠪᠯᠡᠯ︾ ᠨᠢ ᠤᠤᠯ ᠤᠨ ︽ᠬᠡᠷᠡᠭᠵᠢᠭᠦᠯᠬᠦ ᠨᠠᠷᠢᠨ ᠳᠦᠷᠢᠮ︾ ᠤᠨ ᠰᠠᠭᠤᠷᠢᠨ | ᠳᠡᠭᠡᠷ᠎ᠡ ᠬᠡᠰᠡᠭ ᠵᠠᠰᠠᠪᠤᠷᠢ ᠣᠷᠣᠭᠤᠯᠵᠤ᠂ ᠭᠤᠤᠯᠳᠠᠭᠤ ᠳᠤᠤᠷᠠᠬᠢ ᠬᠤᠶᠠᠷ ᠬᠡᠰᠡᠭ ᠤᠨ ᠠᠭᠤᠯᠭ᠎ᠠ ᠳᠤ | ᠬᠤᠯᠪᠣᠭᠳᠠᠨ᠎ᠠ᠃ | ᠨᠢᠭᠡᠳᠦᠭᠡᠷ ᠬᠡᠰᠡᠭ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠠᠭᠤᠯᠭ᠎ᠠ ᠶᠢ ᠨᠡᠮᠡᠭᠳᠡᠭᠦᠯᠪᠡ᠃ ᠨᠢᠭᠡᠳᠦᠭᠡᠷ ᠪᠦᠯᠦᠭ ᠤᠨ ᠨᠢᠭᠡᠳᠦᠭᠡᠷ ᠵᠦᠢᠯ ᠳᠤ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠤᠨ ᠡᠭᠦᠷᠭᠡ︾ ᠭᠡᠬᠦ ᠠᠭᠤᠯᠭ᠎ᠠ ᠶᠢ ᠨᠡᠮᠡᠪᠡ᠃ | ᠬᠤᠶᠠᠳᠤᠭᠠᠷ ᠬᠡᠰᠡᠭ᠂ ᠨᠦᠬᠦᠪᠦᠷᠢ ᠤᠯᠬᠤ ᠠᠵᠢᠯᠳᠠᠨ ᠤ ᠲᠦᠷᠦᠯ ᠵᠦᠢᠯ ᠢ ᠨᠡᠮᠡᠪᠡ᠃ ᠬᠤᠶᠠᠳᠤᠭᠠᠷ ᠵᠦᠢᠯ᠂ | ᠠᠷᠪᠠᠨ ᠨᠢᠭᠡᠳᠦᠭᠡᠷ ᠵᠦᠢᠯ᠂ ᠠᠷᠪᠠᠨ ᠬᠤᠶᠠᠳᠤᠭᠠᠷ ᠵᠦᠢᠯ ᠤᠨ ︵ᠨᠢᠭᠡᠳᠦᠭᠡᠷ︶ ᠵᠤᠷᠪᠤᠰ᠂ ︵ᠭᠤᠷᠪᠠᠳᠤᠭᠠᠷ︶ | ᠵᠤᠷᠪᠤᠰ ᠤᠨ 3᠂ 4 ᠳ᠋ᠤᠭᠡᠷ ᠵᠤᠷᠪᠤᠰ᠂ ᠠᠷᠪᠠᠨ ᠳᠥᠷᠪᠡᠳᠦᠭᠡᠷ ᠵᠦᠢᠯ ᠤᠨ ︵ᠬᠤᠶᠠᠳᠤᠭᠠᠷ︶ ᠵᠤᠷᠪᠤᠰ᠂ ︵ | ᠲᠠᠪᠤᠳᠤᠭᠠᠷ︶ ᠵᠤᠷᠪᠤᠰ ᠲᠤ ︽ᠥᠭᠡᠷᠡᠴᠢᠯᠡᠯᠲᠡ ᠶᠢᠨ ᠬᠤᠭᠤᠴᠠᠭᠠᠨ ᠳᠤ ᠵᠢᠩᠬᠢᠨᠢ ᠠᠯᠪᠠᠨ ᠤ ᠺᠠᠳ᠋ᠷᠴᠤᠳ ᠠᠴᠠ | ᠪᠢᠴᠢᠭ ᠤᠨ ᠠᠵᠢᠯᠲᠠᠨ ᠪᠣᠯᠭᠠᠨ ᠬᠤᠪᠢᠷᠠᠭᠤᠯᠤᠭᠰᠠᠨ ᠬᠦᠮᠦᠰ ᠪᠠᠭᠳᠠᠨ᠎ᠠ︾ ᠭᠡᠬᠦ ᠠᠭᠤᠯᠭ᠎ᠠ ᠶᠢ ᠨᠡᠮᠡᠪᠡ᠃ | ᠭᠤᠷᠪᠠ᠂ ᠵᠠᠰᠠᠪᠤᠷᠢ ᠣᠷᠣᠭᠤᠯᠤᠭᠰᠠᠨ ᠠᠴᠢ ᠬᠤᠯᠪᠣᠭᠳᠠᠯ | ︽ᠵᠠᠰᠠᠪᠤᠷᠢ ᠣᠷᠣᠭᠤᠯᠤᠭᠰᠠᠨ ᠬᠡᠪᠯᠡᠯ︾ ᠨᠢ ᠮᠠᠨ ᠤ ᠬᠤᠲᠠ ᠶᠢᠨ ᠬᠤᠲᠠ ᠳᠤ ᠰᠠᠭᠤᠭ᠎ᠠ ᠴᠡᠷᠢᠭ ᠠᠩᠭᠢ ᠶᠢᠨ | ᠴᠡᠷᠢᠭ ᠳᠠᠭᠠᠭᠰᠠᠨ ᠠᠵᠢᠯ ᠣᠯᠣᠭᠠᠳᠤᠢ ᠭᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠪᠠ | ᠨᠡᠶᠢᠭᠡᠮ ᠤᠨ ᠪᠠᠲᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠳᠤ ᠵᠢᠯᠤᠭᠤᠳᠬᠤ ᠠᠴᠢ ᠬᠤᠯᠪᠣᠭᠳᠠᠯ ᠲᠠᠢ᠃ | ᠨᠡᠶᠢᠲᠡᠯᠡᠭᠰᠡᠨ ᠤ ᠳᠠᠷᠠᠭ᠎ᠠ᠂ ᠲᠣᠰ ︽ᠬᠡᠷᠡᠭᠵᠢᠭᠦᠯᠬᠦ ᠨᠠᠷᠢᠨ ᠳᠦᠷᠢᠮ︾ ᠢᠶᠠᠷ ᠪᠠᠷᠢᠮᠵᠢᠶ᠎ᠠ ᠪᠣᠯᠭᠠᠵᠤ᠂ | ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽︿ᠤᠯᠠᠭᠠᠨᠴᠠᠪ | ᠬᠤᠲᠠ ᠶᠢᠨ ᠬᠤᠲᠠ ᠳᠤ ᠰᠠᠭᠤᠭ᠎ᠠ ᠴᠡᠷᠢᠭ ᠠᠩᠭᠢ ᠶᠢᠨ ᠴᠡᠷᠢᠭ ᠳᠠᠭᠠᠭᠰᠠᠨ ᠠᠵᠢᠯ ᠣᠯᠣᠭᠠᠳᠤᠢ ᠭᠡᠷ ᠪᠦᠯᠢ ᠶᠢᠨ | ᠬᠢᠨ ᠳᠤ ᠠᠮᠢᠳᠤᠷᠠᠯ ᠤᠨ ᠨᠥᠬᠦᠪᠦᠷᠢ ᠣᠯᠭᠤᠬᠤ ᠬᠠᠮᠢᠶᠠᠷᠤᠯᠲᠠ ᠶᠢ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ | ᠬᠡᠷᠡᠭᠵᠢᠭᠦᠯᠬᠦ︶ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ | ︹2015︺ 79 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠨ᠎ᠠ᠃ | | ᠤᠯᠠᠭᠠᠨᠴᠠᠪ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ | 2024 ᠣᠨ ᠤ 4 ᠰᠠᠷ᠎ᠠ ᠶᠢᠨ 29 ᠤ ᠡᠳᠦᠷ | | | | |