ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠬᠤᠸᠠ ᠨᠧᠩ ᠰᠢᠨ᠎ᠡ ᠡᠨᠧᠷᠭᠢ ᠶᠢᠨ ᠮᠧᠩ ᠰᠢ ᠬᠤᠪᠢᠶᠠᠷᠢ ᠺᠣᠮᠫᠠᠨᠢ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2024/5/30
    5 ᠰᠠᠷ᠎ᠠ ᠶᠢᠨ 18 ᠤ ᠡᠳᠦᠷ᠂ ᠬᠤᠲᠠ ᠶᠢᠨ ᠵᠠᠰᠠᠭ ᠤᠨ ᠣᠷᠳᠣᠨ ᠬᠤᠸᠠ ᠨᠧᠩ ᠰᠢᠨ᠎ᠡ ᠡᠨᠧᠷᠭᠢ ᠶᠢᠨ  ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠮᠧᠩ ᠰᠢ ᠬᠤᠪᠢᠶᠠᠷᠢ ᠺᠣᠮᠫᠠᠨᠢ ᠲᠠᠢ ᠣᠷᠣᠨ ᠨᠤᠲᠤᠭ ᠤᠨ  ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠡᠮᠵᠢᠬᠦ ᠬᠠᠮᠲᠤᠷᠠᠯᠴᠠᠭᠠᠨ ᠤ ᠲᠤᠬᠠᠶ ᠬᠡᠯᠡᠯᠴᠡᠭᠡᠷ ᠲᠣᠭᠲᠠᠪᠠ᠃     ᠵᠥᠪᠯᠡᠯᠴᠡᠭᠡᠷ ᠤᠨ ᠠᠭᠤᠯᠭ᠎ᠠ ᠶᠢ ᠦᠨᠳᠦᠰᠦᠯᠡᠪᠡᠯ᠂ ᠬᠤᠸᠠ ᠨᠧᠩ ᠰᠢᠨ᠎ᠡ ᠡᠨᠧᠷᠭᠢ ᠶᠢᠨ ᠬᠤᠪᠢ ᠣᠷᠣᠭᠤᠯᠤᠭᠰᠠᠨ  ᠬᠢᠵᠠᠭᠠᠷᠲᠤ ᠺᠣᠮᠫᠠᠨᠢ ᠶᠢᠨ ᠮᠧᠩ ᠰᠢ ᠬᠤᠪᠢᠶᠠᠷᠢ ᠺᠣᠮᠫᠠᠨᠢ 2000 ᠲᠦᠮᠡᠨ ᠲᠥᠭᠦᠷᠢᠭ ᠭᠠᠷᠭᠠᠵᠤ᠂  ᠤᠯᠠᠭᠠᠨᠴᠠᠪ ᠤᠨ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠨ᠎ᠡ᠃         ᠬᠤᠸᠠ ᠨᠧᠩ ᠰᠢᠨ᠎ᠡ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠮᠧᠩ ᠰᠢ  ᠬᠤᠪᠢᠶᠠᠷᠢ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ ᠮᠧᠩ ᠰᠢᠶᠠᠩ ᠳ᠋ᠦᠩ᠂ ᠬᠤᠳᠠ ᠶᠢᠨ ᠨᠠᠮ ᠤᠨ  ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠶᠦᠨ ᠫᠧᠩ ᠭᠠᠩ ᠶᠣᠰᠣᠯᠠᠯ ᠳᠤ  ᠣᠷᠣᠯᠴᠠᠭᠰᠠᠨ ᠪᠥᠭᠡᠳ ᠭᠠᠷ ᠤᠨ ᠦᠰᠦᠭ ᠵᠢᠷᠤᠪᠠ᠃     ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠶᠦᠨ ᠫᠧᠩ ᠭᠠᠩ ᠬᠤᠳᠠ ᠶᠢᠨ ᠨᠠᠮ ᠤᠨ ᠬᠤᠷᠢᠶ᠎ᠠ᠂  ᠵᠠᠰᠠᠭ ᠤᠨ ᠣᠷᠳᠣᠨ ᠤ ᠡᠮᠦᠨ᠎ᠡ ᠠᠴᠠ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠶᠢ ᠬᠠᠯᠠᠭᠤᠨ ᠢᠶᠠᠷ ᠤᠭᠲᠤᠵᠤ  ᠪᠠᠶᠢᠬᠤ ᠪᠠᠨ ᠢᠯᠡᠳᠬᠡᠵᠦ᠂ ᠳᠤᠮᠳᠠᠳᠤ ᠤᠯᠤᠰ ᠤᠨ ᠬᠤᠸᠠ ᠨᠧᠩ ᠪᠦᠯᠦᠭᠯᠡᠯ ᠤᠨ ᠤᠷᠳᠤ ᠬᠤᠭᠤᠴᠠᠭᠠᠨ ᠤ ᠲᠤᠷᠰᠢ  ᠤᠯᠠᠭᠠᠨᠴᠠᠪ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ  ᠪᠠᠶᠢᠬᠤ ᠪᠠᠨ ᠢᠯᠡᠳᠬᠡᠪᠡ᠃ ᠶᠦᠨ ᠫᠧᠩ ᠭᠠᠩ᠂ ᠬᠤᠸᠠ ᠨᠧᠩ ᠪᠦᠯᠦᠭᠯᠡᠯ ᠪᠣᠯᠤᠨ ᠤᠯᠠᠭᠠᠨᠴᠠᠪ ᠤᠨ  ᠬᠠᠮᠲᠤᠷᠠᠯᠴᠠᠭ᠎ᠠ ᠥᠨᠢ ᠤᠳᠠᠭᠠᠨ ᠤᠯᠠᠮᠵᠢᠯᠠᠯ ᠲᠠᠢ᠂ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠬᠤᠶᠠᠷ  ᠲᠠᠯ᠎ᠠ ᠪᠠᠷ ᠢᠶᠠᠨ ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠨᠧᠷᠭᠢ ᠶᠢᠨ ᠬᠠᠩᠭᠠᠯᠭ᠎ᠠ ᠶᠢᠨ  ᠪᠠᠲᠤᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ᠂ ᠪᠣᠬᠢᠷᠲᠤᠯ  ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠵᠡᠷᠭᠡ ᠲᠠᠯ᠎ᠠ ᠶᠢᠨ  ᠲᠣᠭᠤᠷᠢᠨ ᠳᠤ ᠪᠦᠬᠦ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠡᠩ ᠤᠯᠠᠨ ᠴᠢᠨᠠᠷ ᠰᠠᠶᠢᠲᠠᠢ  ᠲᠦᠷᠦᠯ ᠵᠦᠢᠯ ᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃  ᠤᠯᠠᠭᠠᠨᠴᠠᠪ ᠦᠷᠭᠦᠯᠵᠢᠯᠡᠨ ᠬᠤᠸᠠ ᠨᠧᠩ ᠪᠦᠯᠦᠭᠯᠡᠯ ᠤᠨ ᠬᠥᠭᠵᠢᠯᠲᠡ ᠳᠤ ᠥᠨᠳᠥᠷ ᠪᠦᠲᠦᠮᠵᠢᠲᠡᠢ ᠦᠢᠯᠡᠴᠢᠯᠡᠭᠡ  ᠬᠠᠩᠭᠠᠵᠤ᠂ ᠨᠡᠩ ᠥᠨᠳᠥᠷ ᠲᠦᠪᠰᠢᠨ ᠪᠦᠬᠦᠢ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠴᠢᠷᠮᠠᠶᠢᠨ  ᠪᠡᠶᠡᠯᠡᠭᠦᠯᠦᠨ᠎ᠡ ᠭᠡᠵᠦ ᠬᠡᠯᠡᠪᠡ᠃         ᠮᠧᠩ ᠰᠢᠶᠠᠩ ᠳ᠋ᠦᠩ᠂ ᠤᠯᠠᠭᠠᠨᠴᠠᠪ ᠤᠨ ᠬᠥᠮᠦᠰ ᠭᠠᠷᠮᠠᠭᠠᠶ ᠪᠠᠶᠢᠵᠤ᠂ ᠥᠪᠡᠷᠮᠢᠴᠡ ᠳᠠᠪᠠᠭᠤᠯᠢᠭ ᠲᠠᠢ᠂  ᠬᠥᠭᠵᠢᠯᠲᠡ ᠶᠢᠨ ᠬᠠᠨᠳᠤᠰᠢ ᠴᠢᠩᠭ᠎ᠠ᠂ ᠬᠥᠭᠵᠢᠯᠲᠡ ᠶᠢᠨ ᠣᠷᠣᠨ ᠵᠠᠶ ᠯᠤᠲᠤ ᠶᠡᠭᠡ ᠪᠠᠶᠢᠨ᠎ᠠ᠃ ᠣᠷᠣᠨ ᠨᠤᠲᠤᠭ  ᠠᠵᠤ ᠠᠬᠤᠶᠢᠯᠠᠯ ᠤᠨ ᠬᠢᠨ ᠨᠡᠩ ᠤᠯᠠᠨ ᠡᠰᠢᠵᠢᠯ ᠲᠠᠢ᠂ ᠨᠡᠩ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ  ᠥᠷᠨᠢᠭᠦᠯᠵᠦ᠂ ᠤᠯᠠᠭᠠᠨᠴᠠᠪ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ  ᠭᠡᠵᠡᠢ᠃  
 
ᠢᠷᠡᠯᠲᠡ᠄ ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2