ᠬᠤᠸᠠᠳᠧ ᠰᠢᠶᠠᠨ 2024 ᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠯᠪᠠᠨ ᠬᠡᠷ ᠤᠨ ᠬᠠᠮᠲᠤᠷᠠᠭᠰᠠᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/30
     ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠰᠢᠶᠠᠨ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠬᠦ ᠶᠢᠨ ᠲᠥᠯᠥᠭᠡ᠂ 5 ᠰᠠᠷ᠎ᠠ ᠶᠢᠨ 28 ᠤ ᠡᠳᠦᠷ᠂ ᠬᠤᠸᠠᠳᠧ ᠰᠢᠶᠠᠨ 2024 ᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠯᠪᠠᠨ ᠭᠡᠷ ᠤᠨ ᠬᠠᠮᠲᠤᠷᠠᠭᠰᠠᠨ ᠠᠵᠢᠯ ᠤᠨ ᠬᠤᠷᠠᠯ ᠬᠤᠷᠠᠯᠳᠤᠭᠤᠯᠪᠠ᠃    ᠬᠤᠷᠠᠯ ᠳᠡᠭᠡᠷ᠎ᠡ᠂ ︽ᠬᠤᠸᠠᠳᠧ ᠰᠢᠶᠠᠨ ᠤ 2024 ᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠲᠡᠮᠡᠴᠡᠯ ᠤᠨ ᠠᠵᠢᠯ ᠤᠨ ᠭᠤᠣᠯᠳᠠᠯᠭ᠎ᠠ︾ ᠶᠢ ᠤᠩᠰᠢᠨ ᠨᠡᠶᠢᠲᠡᠯᠡᠵᠦ᠂ ᠡᠨᠡ ᠵᠢᠯ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠥᠷᠨᠢᠭᠦᠯᠬᠦ ᠭᠤᠣᠯᠳᠠᠯᠭ᠎ᠠ ᠲᠠᠢ ᠡᠭᠦᠷᠭᠡ ᠶᠢᠨ ᠠᠵᠢᠯ ᠳᠤ ᠲᠤᠬᠢᠷᠠᠭᠤᠯᠤᠯᠳᠠ ᠬᠢᠬᠦ ᠶᠢᠨ ᠬᠠᠮᠲᠤ ᠪᠦᠬᠦ ᠬᠤᠳᠠ ᠶᠢᠨ ᠪᠠᠶᠢᠩᠭᠤᠵᠢᠭᠰᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠪᠠᠶᠢᠴᠠᠭᠠᠨ ᠦᠵᠡᠬᠦ ᠴᠢᠬᠤᠯᠠᠲᠠᠢ ᠮᠠᠲ᠋ᠧᠷᠢᠶᠠᠯ ᠤᠨ ᠨᠠᠷᠢᠨ ᠲᠠᠩᠰᠠ ᠶᠢᠨ ᠲᠤᠬᠠᠢ ᠲᠠᠶᠢᠯᠤᠮᠵᠢ ᠬᠢᠵᠦ᠂ ᠡᠯ᠎ᠡ ᠪᠦᠷᠢᠯᠳᠦᠬᠦᠨ ᠨᠢᠭᠡᠴᠢ ᠶᠢᠨ ᠬᠢᠨ ᠪᠠᠶᠢᠴᠠᠭᠠᠵᠤ ᠱᠠᠯᠠᠪᠳᠠᠭᠤᠯᠤᠨ ᠵᠢᠯᠣᠭᠤᠳᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠠᠩᠰᠠ ᠡᠪᠬᠡᠮᠡᠯ ᠤᠨ ᠬᠠᠮᠢᠶᠠᠷᠤᠯᠲᠠ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠤᠬᠠᠮᠰᠠᠷ ᠠᠴᠠ ᠪᠠᠨ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠶᠢ ᠬᠦᠯᠢᠶᠡᠵᠦ᠂ ᠱᠠᠯᠠᠪᠳᠠᠭᠤᠯᠤᠨ ᠵᠢᠯᠣᠭᠤᠳᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠲᠡᠮᠡᠴᠡᠯ ᠤᠨ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠬᠤ ᠬᠡᠷᠡᠭᠲᠡᠢ᠃ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠴᠣᠬᠢᠯᠲᠠ ᠥᠭᠬᠦ᠂ ᠰᠡᠷᠭᠡᠶᠢᠯᠡᠬᠦ᠂ ᠡᠵᠡᠮᠳᠡᠬᠦ ᠶᠢ ᠨᠢᠭᠡ ᠴᠤᠭᠴᠠᠵᠢᠭᠤᠯᠤᠭᠰᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠠᠵᠢᠯ ᠤᠨ ᠰᠢᠨ᠎ᠡ ᠪᠠᠶᠢᠷᠢᠰᠢᠯ ᠢ ᠪᠠᠷᠢᠮᠲᠠᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠶᠠᠯ᠎ᠠ ᠬᠢᠬᠦ ᠡᠷᠡᠭᠦᠦ ᠶᠢᠨ ᠰᠤᠯᠠᠯᠠᠭᠰᠠᠳ ᠢ ᠲᠥᠪᠬᠢᠨᠡᠭᠦᠯᠵᠦ ᠬᠠᠪᠰᠤᠷᠤᠨ ᠰᠤᠷᠭᠠᠬᠤ ᠠᠵᠢᠯ ᠢ ᠦᠷᠭᠦᠯᠵᠢᠯᠡᠨ ᠲᠣᠬᠢᠲᠠᠶ ᠰᠠᠶᠢᠲᠤᠷ ᠬᠢᠬᠦ ᠬᠡᠷᠡᠭᠲᠡᠶ᠃ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠪᠦᠲᠦᠭᠡᠨ ᠪᠠᠶᠢᠭᠤᠯᠤᠯᠲᠠ ᠶᠢ ᠪᠠᠬᠢᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠤ ᠪᠣᠶ ᠪᠣᠯᠬᠤ ᠬᠥᠷᠥᠰᠥ ᠰᠢᠷᠣᠶ ᠶᠢ ᠡᠷᠡᠰ ᠠᠷᠢᠯᠭᠠᠵᠤ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠬᠦ ᠶᠢ ᠲᠣᠪᠤᠶᠢᠮ᠎ᠠ ᠴᠢᠬᠤᠯᠠ ᠪᠠᠶᠢᠷᠢᠨ ᠳᠤ ᠲᠠᠯᠪᠢᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠯ᠎ᠡ ᠵᠦᠢᠯ ᠤᠨ ᠡᠭᠦᠷᠭᠡ᠂ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃                           ᠤᠷᠴᠢᠭᠤᠯᠤᠭᠴᠢ᠄ ᠬᠦᠰᠡᠯ                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2