ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠨ᠎ᠠ᠄ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠬᠠᠮᠠᠭᠠᠯᠠᠯᠲᠠ᠂ ︽ᠵᠢᠷᠭᠤᠭᠠᠨ ᠢᠨᠵᠧᠨᠧᠷᠢᠩ︾ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/5/30
   5 ᠰᠠᠷ᠎ᠠ ᠶᠢᠨ 11 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠳᠦ᠋ᠩ ᠤᠨ ᠮᠧᠢ ᠵᠧᠦ ᠬᠤᠲᠠ ᠶᠢᠨ ᠮᠧᠢ ᠳ᠋ᠠ ᠬᠤᠷᠳᠤᠨ ᠤ ᠵᠠᠰᠠᠮᠠᠯ ᠵᠠᠮ ᠤᠨ ᠴᠠ ᠶᠠᠩ ᠬᠡᠰᠡᠭ ᠤᠨ ᠵᠠᠮ ᠤᠨ ᠨᠤᠷᠠᠭᠰᠠᠨ ᠭᠠᠮᠰᠢᠭ ᠤᠨ ᠲᠤᠬᠠᠢ ᠴᠢᠬᠤᠯᠠ ᠵᠢᠭᠠᠪᠤᠷᠢ᠂ ᠶᠡᠷᠦᠩᠬᠡᠢ ᠰᠠᠶᠢᠳ ᠯᠢ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ 4 ᠰᠠᠷ᠎ᠠ ᠶᠢᠨ 30 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ᠂ ᠪᠦᠬᠦ ᠬᠤᠳᠠ ᠶᠢᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠰᠠᠶᠢᠳ ᠯᠢ ᠴᠢᠶᠠᠩ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠭᠦᠨᠵᠡᠭᠡᠢ ᠪᠠᠶᠢᠴᠠᠭᠠᠵᠤ᠂ ᠨᠢᠭᠡ ᠠᠴᠠ ᠨᠦᠬᠦᠭᠡ ᠶᠢ ᠵᠦᠢᠴᠢᠯᠡᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠯᠠᠪᠳᠠᠭᠤᠨ ᠪᠠᠲᠤᠲᠠᠢ ᠡᠭᠦᠷᠭᠡᠯᠡᠵᠦ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠦᠨᠡᠨᠬᠦ ᠰᠠᠬᠢᠬᠤ ᠬᠡᠷᠡᠭᠲᠡᠢ᠃ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠠᠮᠢ ᠠᠬᠤᠢ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠺᠠᠳ᠋ᠷ ᠤᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠠᠨ ᠤ ᠬᠤᠲᠠ ᠶᠢᠨ ᠨᠡᠭᠡᠭᠡᠯᠲᠡᠲᠦ ᠬᠥᠭᠵᠢᠯᠲᠡ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ︽几ᠦᠰᠦᠭᠲᠦ ᠮᠤᠷᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠴᠢᠩᠭᠠᠳᠬᠠᠵᠤ᠂ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠨ ᠵᠠᠰᠠᠵᠤ ᠠᠰᠢᠭᠯᠠᠬᠤ ᠪᠠ ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠶᠢ ᠰᠠᠶᠢᠲᠤᠷ ᠠᠳᠬᠤᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ᠃ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠭᠤᠷᠪᠠᠳᠤᠭᠠᠷ ᠠᠵᠤ ᠦᠢᠯᠡᠰ ᠤᠨ ᠳᠤᠲᠠᠭᠤᠳᠠᠯ ᠢ ᠨᠥᠬᠦᠪᠥᠷᠢᠯᠡᠵᠦ᠂ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠤᠨ ᠲᠠᠶᠢᠴᠢᠯᠠᠨ ᠠᠮᠢ ᠠᠬᠤᠢ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠬᠢᠨᠠᠨ ᠪᠤᠳᠤᠯᠳᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠯ᠎ᠡ ᠵᠦᠢᠯ ᠤᠨ ᠲᠦᠷᠢᠮ ᠲᠣᠭᠲᠠᠭᠠᠯ ᠢ ᠠᠷᠢᠯᠭᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠵᠤ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠰᠠᠶᠢᠲᠤᠷ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠮᠠᠨ ᠤ ᠬᠤᠲᠠ ᠶᠢᠨ ︽ᠵᠢᠷᠭᠤᠭᠠᠨ ᠢᠨᠵᠧᠨᠧᠷᠢᠩ︾ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠢ ᠦᠨᠡᠨ ᠬᠦ ᠨᠠᠶᠢᠳᠠᠪᠤᠷᠢᠵᠢᠭᠤᠯᠵᠤ᠂ ᠢᠳᠡᠪᠬᠢᠲᠡᠶ ᠪᠠᠷ ᠳᠡᠭᠡᠳᠦ ᠱᠠᠲᠤᠨ ᠠᠴᠠ ᠴᠢᠷᠮᠠᠶᠢᠨ ᠲᠡᠮᠡᠴᠡᠵᠦ᠂ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠥᠷᠥᠯ ᠵᠦᠢᠯ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ︔ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠰᠠᠶᠢᠲᠤᠷ ᠬᠢᠵᠦ᠂ ᠪᠦᠬᠦ ᠲᠠᠯ᠎ᠠ ᠪᠠᠷ ᠠᠵᠢᠯ ᠡᠬᠢᠯᠡᠭᠦᠯᠬᠦ ᠶᠢ ᠪᠠᠲᠤᠯᠠᠵᠤ᠂ ᠤᠯᠠᠨ ᠲᠠᠯ᠎ᠠ ᠠᠴᠠ ᠪᠡᠯᠡ ᠮᠥᠩᠭᠦ ᠴᠤᠭᠯᠠᠭᠤᠯᠵᠤ ᠪᠦᠬᠦ ᠲᠠᠯ᠎ᠠ ᠪᠠᠷ ᠠᠵᠢᠯ ᠳᠠᠭᠤᠰᠬᠠᠬᠤ ᠶᠢ ᠪᠠᠲᠤᠯᠠᠬᠤ ᠬᠡᠷᠡᠭᠲᠡᠢ︔ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ︾ ᠢ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠨᠢᠭᠡ ᠯᠠ ᠲᠠᠮᠠᠭ᠎ᠠ︾ ᠪᠠᠷ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢᠨ ᠵᠦᠢᠯᠡᠰ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ︔ ︽ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢᠨ ᠢᠨᠵᠧᠨᠧᠷᠢᠩ︾ ᠢ ᠰᠢᠪᠲᠤᠯᠤᠯᠲᠠ ᠲᠠᠢ ᠪᠣᠯᠭᠠᠵᠤ᠂ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠰᠢᠭᠤᠯᠵᠤ᠂ ᠲᠠᠪᠴᠠᠩ ᠢ ᠠᠵᠤ ᠠᠬᠤᠶᠢᠯᠠᠯ ᠤᠨ ᠳᠤᠮᠳᠠ᠂ ᠴᠢᠳᠠᠪᠤᠷᠢᠲᠠᠨ ᠢ ᠲᠠᠲᠠᠬᠤ ᠠᠵᠤ ᠦᠢᠯᠡᠰ ᠲᠤ ᠣᠷᠣᠭᠤᠯᠬᠤ ᠬᠡᠷᠡᠭᠲᠡᠢ︔ ︽ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠢ ᠭᠤᠣᠯᠳᠠᠯᠭ᠎ᠠ ᠲᠠᠢ ᠠᠭᠤᠰᠤᠯᠴᠠᠭᠤᠯᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠢᠳᠡᠪᠬᠢᠲᠡᠢ ᠰᠤᠷᠤᠯᠴᠠᠨ ᠲᠣᠯᠢᠯᠠᠵᠤ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃                                                   ᠣᠷᠴᠢᠭᠤᠯᠤᠭᠴᠢ᠄ ᠭᠤᠸ᠎ᠠ                                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2