ᠬᠤᠲᠠ ᠶᠢᠨ ᠤᠳᠤᠷᠢᠳᠤᠯᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠶᠤᠯᠭᠦᠶ ᠦᠢᠯᠡᠳᠪᠦᠷᠢᠯᠡᠯ᠂ ᠳᠡᠭᠡᠳᠦ ᠱᠠᠲᠤᠨ ᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/5/31
   5 ᠰᠠᠷ᠎ᠠ ᠶᠢᠨ 27 ᠤ ᠡᠳᠦᠷ᠂ ᠬᠤᠲᠠ ᠶᠢᠨ ᠳᠡᠳ᠋ ᠳᠠᠷᠤᠭ᠎ᠠ ᠢᠦᠶ ᠬᠠᠶ ᠴᠧᠩ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠠᠶᠤᠯᠭᠦᠶ ᠦᠢᠯᠡᠳᠪᠦᠷᠢᠯᠡᠯ᠂ ᠳᠡᠭᠡᠳᠦ ᠱᠠᠲᠤᠨ ᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠰᠠᠶᠢᠲᠤᠷ ᠬᠢᠬᠦ ᠶᠢ ᠲᠣᠬᠢᠷᠠᠭᠤᠯᠤᠨ ᠪᠠᠶᠢᠷᠢᠯᠠᠭᠤᠯᠪᠠ᠃    ᠢᠦᠶ ᠬᠠᠶ ᠴᠧᠩ᠂ ᠡᠯ᠎ᠡ ᠰᠠᠯᠠᠭ᠎ᠠ ᠮᠥᠴᠢᠷ ᠤᠨ ᠬᠢᠨ ᠲᠣᠬᠢᠷᠠᠭᠤᠯᠤᠯᠲᠠ ᠪᠠᠨ ᠴᠢᠩᠭᠠᠳᠬᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠵᠢᠯ ᠤᠨ ᠡᠬᠢᠨ ᠳᠤ ᠲᠣᠭᠲᠠᠭᠠᠭᠰᠠᠨ ᠡᠭᠦᠷᠭᠡ ᠶᠢᠨ ᠴᠠᠭ ᠤᠨ ᠬᠠᠭᠠᠰ ᠠᠴᠠ ᠬᠡᠲᠦᠷᠡᠭᠰᠡᠨ ᠡᠭᠦᠷᠭᠡ ᠶᠢᠨ ᠬᠠᠭᠠᠰ ᠢᠯᠡᠭᠦᠦ ᠶᠢ ᠦᠨᠡᠨ ᠬᠦ ᠪᠠᠲᠤᠯᠠᠬᠤ ᠬᠡᠷᠡᠭᠲᠡᠶ᠃ ᠳᠡᠭᠡᠳᠦ ᠱᠠᠲᠤᠨ ᠤ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ᠂ ᠱᠠᠯᠠᠪᠳᠠᠭᠤᠯᠤᠨ ᠪᠠᠶᠢᠴᠠᠭᠠᠬᠤ ᠵᠡᠷᠭᠡ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠬᠦ ᠬᠡᠷᠡᠭᠲᠡᠢ᠃ ᠬᠠᠮᠢᠶᠠᠷᠤᠯᠲᠠ ᠶᠢᠨ ᠭᠤᠣᠯᠳᠠᠯᠭ᠎ᠠ ᠲᠠᠢ ᠲᠠᠯᠠᠪᠤᠷ ᠭᠠᠵᠠᠷ ᠲᠤ ᠠᠮᠤᠷ ᠲᠦᠪᠰᠢᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃  ᠳᠤᠯᠠᠭᠠᠯᠠᠭ᠎ᠠ ᠶᠢᠨ ᠢᠨᠵᠧᠨᠧᠷᠢᠩ᠂ ᠠᠭᠤᠷᠬᠠᠢ ᠶᠢ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠠᠵᠢᠯ ᠢᠶᠠᠨ ᠲᠣᠭᠲᠠᠭᠰᠠᠨ ᠬᠤᠭᠤᠴᠠᠭᠠᠨ ᠳᠤ ᠠᠬᠢᠭᠤᠯᠬᠤ ᠶᠢ ᠪᠠᠲᠤᠯᠠᠬᠤ ᠬᠡᠷᠡᠭᠲᠡᠢ᠃ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ᠂ ᠠᠭᠤᠷᠬᠠᠢ ᠨᠡᠭᠡᠭᠡᠨ ᠮᠠᠯᠲᠠᠬᠤ᠂ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠵᠡᠷᠭᠡ ᠵᠠᠩᠭᠢᠯᠠᠭ᠎ᠠ ᠶᠢᠨ ᠠᠵᠢᠯ ᠳᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭ᠎ᠠ ᠠᠳᠬᠤᠨ ᠪᠣᠳᠠᠲᠠᠢ ᠠᠳᠬᠤᠵᠤ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃                                               ᠣᠷᠴᠢᠭᠤᠯᠤᠭᠴᠢ᠄ ᠭᠤᠸ᠎ᠠ                                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2