ᠬᠤᠲᠠ ᠶᠢᠨ ᠤᠳᠤᠷᠢᠳᠤᠯᠭ᠎ᠠ ᠭᠤᠤᠯ ᠬᠤᠲᠠ ᠶᠢᠨ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠪᠠ ᠪᠠᠷᠢᠯᠭ᠎ᠠ ᠶᠢᠨ ᠬᠤᠭ ᠨᠣᠪᠰᠢ ᠪᠤᠯᠠᠬᠤ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/31
   5 ᠰᠠᠷ᠎ᠠ ᠶᠢᠨ 28 ᠤ ᠡᠳᠦᠷ᠂ ᠬᠤᠲᠠ ᠶᠢᠨ ᠳᠡᠳ᠋ ᠳᠠᠷᠤᠭ᠎ᠠ ᠢᠦᠶ ᠬᠠᠶ ᠴᠧᠩ ᠵᠢᠨᠢᠩ ᠲᠣᠭᠤᠷᠢᠭ ᠤᠨ ᠬᠠᠨ ᠵᠢᠶᠠ ᠯᠢᠶᠠᠩ᠂ ᠮᠢ ᠵᠢᠶᠠ ᠯᠢᠶᠠᠩ᠂ ᠮᠢᠶᠣᠣ ᠸᠠᠨ ᠽᠢ ᠪᠠᠷᠢᠯᠭ᠎ᠠ ᠶᠢᠨ ᠬᠤᠭ ᠨᠣᠪᠰᠢ ᠪᠤᠯᠠᠬᠤ ᠲᠠᠯᠠᠪᠠᠶ᠂ ᠰᠢᠶᠤᠤ ᠳ᠋ᠦᠩ ᠲᠠᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠶᠠᠨ ᠲᠠᠩ ᠪᠠᠷᠢᠯᠭ᠎ᠠ ᠶᠢᠨ ᠬᠤᠭ ᠨᠣᠪᠰᠢ ᠪᠤᠯᠠᠬᠤ ᠲᠠᠯᠠᠪᠠᠶ᠂ ᠰᠠᠶᠢᠬᠠᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠴᠠᠬᠠᠷ ᠳᠡᠭᠡᠳᠦ ᠰᠢᠨ᠎ᠡ ᠨᠡᠭᠡᠭᠡᠯᠲᠡ ᠶᠢᠨ ᠲᠣᠭᠤᠷᠢᠭ ᠤᠨ ᠪᠠᠶᠠᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠠᠵᠢᠯ ᠲᠥᠷᠥᠯ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠵᠦᠢᠯᠡᠰ ᠢ ᠲᠣᠬᠢᠷᠠᠭᠤᠯᠤᠨ ᠪᠠᠶᠢᠷᠢᠯᠠᠭᠤᠯᠪᠠ᠃    ᠢᠦᠢ ᠬᠠᠢ ᠴᠧᠩ᠂ ᠬᠠᠷᠢᠶ᠎ᠠ ᠭᠠᠵᠠᠷ ᠤᠨ ᠬᠤᠰᠢᠭᠤ ᠰᠢᠶᠠᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠣᠪᠣᠭᠠᠯᠠᠵᠤ ᠬᠠᠳᠠᠭᠠᠯᠠᠬᠤ ᠭᠠᠵᠠᠷ ᠢ ᠰᠣᠩᠭᠤᠨ ᠲᠣᠭᠲᠠᠭᠠᠵᠤ᠂ ᠭᠠᠷ ᠭᠦᠢᠴᠡᠳᠬᠡᠯ ᠢ ᠲᠦᠷᠭᠡᠨ ᠲᠡᠭᠦᠯᠳᠡᠷᠵᠢᠭᠦᠯᠵᠦ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠬᠤᠭ ᠨᠣᠪᠰᠢ ᠶᠢ ᠣᠪᠣᠭᠠᠯᠠᠵᠤ ᠰᠢᠢᠳᠪᠦᠷᠢᠯᠡᠬᠦ ᠶᠢ ᠵᠢᠷᠤᠮᠵᠢᠭᠤᠯᠤᠨ ᠥᠷᠨᠢᠭᠦᠯᠬᠦ ᠶᠢ ᠠᠬᠢᠭᠤᠯᠬᠤ ᠬᠡᠷᠡᠭᠲᠡᠢ᠃ ᠳᠤᠷ᠎ᠠ ᠪᠠᠷ ᠢᠶᠠᠨ ᠣᠪᠣᠭᠠᠯᠠᠵᠤ ᠪᠠᠶᠢᠭ᠎ᠠ ᠪᠠᠷᠢᠯᠭ᠎ᠠ ᠶᠢᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠶᠢ ᠴᠢᠩᠭᠠᠳᠬᠠᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠳᠠᠯᠠᠵᠤ᠂ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠴᠢᠳᠬᠤᠬᠤ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠪᠣᠬᠢᠷ ᠤᠰᠤᠨ ᠤ ᠦᠢᠯᠡᠳᠪᠦᠷᠢ ᠶᠢ ᠥᠭᠡᠷᠡᠴᠢᠯᠡᠨ ᠪᠠᠶᠢᠭᠤᠯᠬᠤ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠪᠠᠶᠢᠴᠠᠭᠠᠬᠤ ᠶᠢ ᠴᠢᠩᠭᠠᠳᠬᠠᠵᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠵᠤ᠂ ᠪᠠᠷᠢᠯᠭ᠎ᠠ ᠶᠢᠨ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠯᠠᠬᠤ ᠬᠡᠷᠡᠭᠲᠡᠢ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠤᠰᠤ ᠣᠷᠣᠭᠤᠯᠬᠤ ᠬᠡᠮᠵᠢᠶ᠎ᠡ ᠶᠢ ᠰᠤᠳᠤᠯᠤᠨ ᠮᠠᠭᠠᠳᠯᠠᠬᠤ ᠠᠵᠢᠯ ᠢ ᠰᠠᠶᠢᠲᠤᠷ ᠬᠢᠵᠦ᠂ ᠦᠢᠯᠡᠳᠪᠦᠷᠢ ᠶᠢᠨ ᠲᠣᠭᠤᠷᠢᠭ ᠤᠨ ᠬᠤᠭᠤᠷᠣᠨᠳᠣᠬᠢ ᠬᠠᠷᠢᠯᠴᠠᠨ ᠨᠡᠪᠲᠡᠷᠡᠯᠴᠡᠵᠦ ᠰᠢᠢᠳᠪᠦᠷᠢᠯᠡᠬᠦ ᠶᠢ ᠨᠢᠭᠡᠳᠦᠯᠲᠡᠶ  ᠲᠥᠯᠥᠪᠯᠡᠵᠦ᠂ ᠳᠠᠪᠠᠷᠠᠨ ᠤᠷᠤᠰᠬᠤ ᠠᠰᠠᠭᠤᠳᠠᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃                                                ᠣᠷᠴᠢᠭᠤᠯᠤᠭᠴᠢ᠄ ᠭᠤᠸ᠎ᠠ                                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2