ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠲᠤᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/6
     ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠳᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠳᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠲᠦᠷᠭᠡᠳᠬᠡᠨ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 29 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠳᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃    ᠬᠤᠷᠠᠯ ᠠᠴᠠ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠲᠤᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠳᠤ ᠲᠠᠶᠢᠯᠤᠮᠵᠢ ᠬᠢᠪᠠ᠃    ᠬᠤᠷᠠᠯ ᠠᠴᠠ ᠱᠠᠭᠠᠷᠳᠠᠭᠰᠠᠨ ᠨᠢ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠡᠯ᠎ᠡ ᠬᠤᠰᠢᠭᠤᠨ ᠤ ᠰᠢᠭᠤᠳ ᠬᠠᠷᠢᠶ᠎ᠠ ᠨᠢᠭᠡᠴᠢ᠂ ᠰᠤᠮᠤ ᠰᠢᠶᠠᠩ ᠪᠠᠯᠭᠠᠰᠤ ᠦᠵᠡᠯ ᠰᠠᠨᠠᠭ᠎ᠠ ᠲᠠᠨᠢᠯᠲᠠ ᠪᠠ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠶ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠳᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠷᠬᠡ ᠶᠢᠨ ᠬᠢᠵᠠᠭᠠᠷᠯᠠᠯ ᠢ ᠴᠢᠩᠭᠠᠳᠬᠠᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠢᠯᠵᠠᠷᠠᠯ ᠤᠨ ᠦᠢᠯᠡ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠦ᠂ ᠪᠠᠶᠢᠩᠭᠤᠵᠢᠭᠤᠯᠤᠭᠰᠠᠨ ᠦᠨᠡᠯᠡᠨ ᠵᠢᠱᠢᠬᠦ ᠲᠣᠭᠲᠠᠴᠠ ᠪᠠ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠲᠤᠰᠢᠶᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ︔ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠢᠷᠮᠠᠶᠢᠨ ᠪᠣᠶ ᠪᠣᠯᠭᠠᠵᠤ᠂ ᠬᠤᠰᠢᠭᠤᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠳᠤᠭᠤᠶᠢᠯᠠᠩ᠂ ᠡᠯ᠎ᠡ ᠪᠦᠷᠢᠯᠳᠦᠬᠦᠨ ᠨᠢᠭᠡᠴᠢ ᠲᠣᠰ ᠲᠣᠰ ᠤᠨ ᠡᠭᠦᠷᠭᠡ ᠲᠤᠰᠢᠶᠠᠯ ᠢᠶᠠᠨ ᠬᠦᠢᠴᠡᠳᠭᠡᠵᠤ᠂ ᠲᠣᠰ ᠲᠣᠰ ᠤᠨ ᠬᠠᠷᠢᠭᠤᠴᠠᠯᠭ᠎ᠠ ᠪᠠᠨ ᠬᠦᠢᠴᠡᠳᠭᠡᠵᠤ᠂ ᠰᠢᠮᠳᠠᠭᠤᠯᠤᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠬᠦ ᠬᠡᠷᠡᠭᠲᠡᠶ ᠭᠡᠵᠡᠢ᠃                                   ᠤᠷᠴᠢᠭᠤᠯᠤᠭᠴᠢ᠄ ᠬᠦᠰᠡᠯ                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2