1 - 3 ᠰᠠᠷ᠎ᠠ ᠳᠤ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠬᠦ ᠬᠡᠮᠵᠢᠶ᠎ᠡ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/5/7
   ᠴᠠᠬᠢᠯᠭᠠᠨ ᠬᠦᠴᠦᠨ ᠤ ᠰᠠᠯᠠᠭ᠎ᠠ ᠮᠥᠴᠢᠷ ᠤᠨ ᠲᠤᠰᠬᠠᠭᠰᠠᠨ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ ᠪᠠᠶᠢᠳᠠᠯ ᠢ ᠦᠨᠳᠦᠰᠦᠯᠡᠪᠡᠯ᠂ 1 - 3 ᠰᠠᠷ᠎ᠠ ᠳᠤ᠂ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ 168.7 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.2% ᠢᠶᠠᠷ ᠨᠡᠮᠡᠭᠳᠡᠨ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ 90.7% ᠶᠢ ᠡᠵᠡᠯᠡᠪᠡ᠃ 3 ᠰᠠᠷ᠎ᠠ ᠳᠤ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ 58.2 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.3% ᠨᠡᠮᠡᠭᠳᠡᠪᠡ᠃    ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠦᠢᠯᠡᠳᠬᠦ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠳᠤ ᠡᠵᠡᠯᠡᠬᠦ ᠬᠤᠪᠢ ᠶᠢᠨ ᠵᠢᠩ ᠨᠢ ᠨᠡᠯᠢᠶᠡᠳ ᠶᠡᠭᠡ ᠪᠠᠶᠢᠵᠤ᠂ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ ᠨᠡᠮᠡᠭᠳᠡᠯ ᠳᠤ ᠦᠵᠡᠬᠦᠯᠦᠭᠰᠡᠨ ᠳᠠᠶᠢᠴᠢᠯᠠᠬᠤ ᠦᠢᠯᠡᠳᠦᠯ ᠨᠡᠯᠢᠶᠡᠳ ᠢᠯᠡᠷᠬᠡᠢ ᠪᠠᠶᠢᠨ᠎ᠠ᠃ 3 ᠰᠠᠷ᠎ᠠ ᠶᠢᠨ ᠰᠡᠭᠦᠯᠴᠢ ᠪᠣᠯᠲᠠᠯ᠎ᠠ᠂ ᠦᠢᠯᠡᠳᠬᠦ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠡᠶᠢᠲᠡ 154.5 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.6% ᠪᠠᠷ ᠨᠡᠮᠡᠭᠳᠡᠨ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ 83.1% ᠶᠢ ᠡᠵᠡᠯᠡᠪᠡ᠃ ᠠᠭᠤᠷᠬᠠᠶ ᠮᠠᠯᠲᠠᠬᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠡᠶᠢᠲᠡ 0.8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.1% ᠪᠠᠷ ᠨᠡᠮᠡᠭᠳᠡᠨ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ 0.5% ᠶᠢ ᠡᠵᠡᠯᠡᠪᠡ᠃ ᠴᠠᠬᠢᠯᠭᠠᠨ ᠬᠦᠴᠦ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 13.3 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.1% ᠪᠠᠷ ᠪᠠᠭᠤᠷᠠᠵᠤ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ 7.2% ᠢ ᠡᠵᠡᠯᠡᠪᠡ᠃    ᠮᠠᠨ ᠤ ᠬᠤᠲᠠ ᠶᠢᠨ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠢᠯ ᠲᠥᠷᠥᠯ ᠤᠨ ᠳᠣᠲᠣᠷ᠎ᠠ᠂ ᠲᠡᠮᠦᠷ ᠤᠨ ᠬᠠᠶᠢᠯᠤᠰᠢ ᠪᠣᠯᠪᠠᠰᠤᠷᠠᠭᠤᠯᠬᠤ ᠦᠢᠯᠡᠰ ᠤᠨ ᠴᠠᠬᠢᠯᠭᠠᠨ ᠬᠡᠷᠡᠭᠯᠡᠬᠦ ᠬᠠᠷᠢᠴᠠᠯᠠᠰᠢ ᠦᠭᠡᠢ ᠬᠡᠮᠵᠢᠶ᠎ᠡ ᠨᠢ ᠡᠯ᠎ᠡ ᠠᠵᠢᠯ ᠲᠥᠷᠥᠯ ᠤᠨ ᠲᠡᠷᠢᠭᠦᠨ ᠳᠤ ᠣᠷᠣᠭᠰᠠᠭᠠᠷ ᠢᠷᠡᠵᠡᠢ᠃ 3 ᠰᠠᠷ᠎ᠠ ᠶᠢᠨ ᠡᠴᠦᠰ ᠪᠣᠯᠲᠠᠯ᠎ᠠ᠂ ᠲᠡᠮᠦᠷ ᠤᠨ ᠬᠠᠶᠢᠯᠤᠰᠢ ᠬᠠᠶᠢᠯᠤᠭᠤᠯᠬᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 103.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.9% ᠪᠠᠷ ᠨᠡᠮᠡᠭᠳᠡᠨ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠳᠤ ᠡᠵᠡᠯᠡᠬᠦ ᠬᠤᠪᠢ ᠶᠢᠨ ᠵᠢᠩ ᠨᠢ 55.9% ᠳᠤ ᠬᠦᠷᠴᠡᠶ᠃ ᠴᠠᠬᠢᠯᠠᠭᠤᠷ ᠴᠢᠯᠠᠭᠤ ᠦᠢᠯᠡᠳᠬᠦ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 25.2 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.5% ᠪᠠᠷ ᠨᠡᠮᠡᠭᠳᠡᠪᠡ᠃ ᠲᠡᠮᠦᠷᠯᠢᠭ ᠪᠤᠰᠤ ᠠᠭᠤᠷᠬᠠᠢ ᠶᠢᠨ ᠭᠠᠷᠤᠯᠲᠠ ᠶᠢᠨ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 8.7 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.9% ᠪᠠᠷ ᠪᠠᠭᠤᠷᠠᠪᠠ᠃ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 11.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1% ᠪᠠᠷ ᠪᠠᠭᠤᠷᠠᠪᠠ᠃
 
ᠢᠷᠡᠯᠲᠡ᠄ ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2