| ᠤᠯᠠᠭᠠᠨᠴᠠᠪ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠲᠠᠷᠬᠠᠭᠠᠭᠰᠠᠨ ﹇2020﹈ 5 | ᠳ᠋ᠤᠭᠠᠷ ᠲᠣᠭᠠᠲᠤ | | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ︽︿ᠣᠤᠯ ᠠᠮᠳᠠᠳᠤ ᠤᠯᠠᠭᠠᠨᠴᠠᠪ﹀ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ | ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ | ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠬᠢᠨᠠᠮᠠᠭᠠᠶ ᠳᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2024 ᠣᠨ ᠤ 2 ᠰᠠᠷ᠎ᠠ ᠶᠢᠨ 23 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ︽ᠤᠤᠯ ᠠᠮᠳᠠᠳᠤ ᠤᠯᠠᠭᠠᠨᠴᠠᠪ︾ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠲᠦᠰᠦᠯ | ︽ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ︾ | ᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ︽ᠤᠤᠯ ᠠᠮᠲᠠᠳᠤ ᠤᠯᠠᠭᠠᠨᠴᠠᠪ︾ ᠤᠨ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠷᠠᠲᠤ ᠲᠥᠷᠥᠯ | ᠲᠡᠮᠳᠡᠭᠲᠦ ᠶᠢᠨ ᠦᠨ᠎ᠡ ᠥᠷᠲᠡᠭ ᠢ ᠭᠦᠨᠵᠡᠭᠡᠶ ᠠᠭᠤᠳᠠᠯᠵᠤ᠂ ᠪᠣᠬᠢᠷᠲᠤᠯ ᠥᠬᠡᠶ ᠴᠢᠨᠠᠷ ᠰᠠᠶᠢᠲᠠᠶ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠴᠢᠩᠭᠠᠷᠠᠭᠤᠯᠤᠨ᠂ ᠲᠠᠷᠢᠶᠠᠯᠠᠩ | ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠦᠯᠦᠬᠡ᠂ ᠮᠠᠨ ᠤ ᠬᠤᠲᠠ ᠶᠢᠨ | ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ | ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ | ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ | ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠤᠯᠠᠭᠠᠨᠴᠠᠪ ᠤᠨ ᠥᠪᠡᠷᠮᠢᠴᠡ ᠪᠠᠶᠢᠭᠠᠯᠢ ᠶᠢᠨ ᠡᠬᠢ ᠪᠠᠶᠠᠯᠢᠭ ᠪᠠ ᠠᠵᠤ ᠦᠢᠯᠡᠰ ᠤᠨ | ᠰᠠᠭᠤᠷᠢ ᠪᠠᠷ ᠲᠦᠰᠢᠭ ᠪᠣᠯᠭᠠᠨ᠎ᠠ︔ ︽ᠠᠵᠤ ᠦᠢᠯᠡᠰ ᠢ ᠬᠦᠴᠦᠷᠬᠡᠭᠵᠢᠭᠦᠯᠵᠦ ᠬᠠᠩᠭᠠᠯᠭ᠎ᠠ ᠶᠢ ᠰᠢᠯᠢᠳᠡᠭᠵᠢᠭᠦᠯᠵᠦ᠂ | ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ ᠦᠷ᠎ᠡ ᠠᠰᠢᠭ ᠢ ᠳᠡᠭᠡᠭᠰᠢᠯᠡᠭᠦᠯᠬᠦ︾ ᠪᠠᠷ ᠬᠠᠷᠠᠯᠲᠠ ᠪᠣᠯᠭᠠᠨ᠎ᠠ︔ ︽ | ᠤᠤᠯ ᠠᠮᠳᠠᠳᠤ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ | ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠨᠠᠷᠠᠲᠤ ᠲᠥᠷᠥᠯ | ᠲᠡᠮᠳᠡᠭᠲᠦ ᠶᠢᠨ ᠭᠤᠤᠯ ᠴᠣᠭᠴᠠ ᠶᠢ ᠪᠤᠵᠠᠭᠠᠶᠢᠷᠠᠭᠤᠯᠤᠨ᠂ ᠨᠠᠷᠠᠲᠤ ᠲᠥᠷᠥᠯ ᠲᠡᠮᠳᠡᠭᠲᠦ ᠶᠢ ᠳᠡᠯᠭᠡᠷᠡᠭᠦᠯᠬᠦ ᠶᠢ | ᠴᠢᠩᠭᠠᠳᠬᠠᠵᠤ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠠᠬᠢᠭᠤᠯᠤᠨ᠂ ᠪᠥᠬᠦ ᠬᠤᠲᠠ ᠶᠢᠨ | ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠬᠤᠶᠠᠷ᠂ ᠪᠦᠲᠦᠭᠡᠨ ᠪᠠᠶᠢᠭᠤᠯᠤᠯᠲᠠ ᠶᠢᠨ ᠣᠳᠣᠬᠢ ᠪᠠᠶᠢᠳᠠᠯ | ᠣᠶᠢᠷ᠎ᠠ ᠶᠢᠨ ᠵᠢᠯ ᠳᠤ᠂ ᠮᠠᠨ ᠤ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠨᠢ ᠪᠠᠶᠢᠭᠠᠯᠢ ᠶᠢᠨ ᠡᠬᠢ | ᠪᠠᠶᠠᠯᠢᠭ ᠢᠶᠠᠷ ᠲᠦᠰᠢᠭ ᠪᠣᠯᠭᠠᠵᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ | ᠬᠡᠪᠴᠢᠶᠡᠵᠢᠭᠦᠯᠦᠨ ᠡᠵᠡᠩᠨᠡᠬᠦ ᠪᠠᠷ ᠭᠠᠷᠳᠠᠴᠠ ᠪᠣᠯᠭᠠᠵᠤ᠂ ︽ᠤᠯᠠᠭᠠᠨᠴᠠᠪ ᠤᠨ ᠲᠥᠮᠥᠰᠥ︾᠂ ︽ᠤᠯᠠᠭᠠᠨᠴᠠᠪ ᠤᠨ | ᠨᠣᠬᠠᠶ ᠶᠢᠨ ᠬᠤᠰᠢᠭᠤ︾᠂ ︽ᠤᠯᠠᠭᠠᠨᠴᠠᠪ ᠤᠨ ᠡᠭᠡᠳᠡᠭᠰᠡᠨ ᠰᠦ︾ ᠵᠡᠷᠭᠡ ᠨᠢᠭᠡ ᠪᠦᠯᠦᠭ ᠪᠥᠬᠦ ᠤᠯᠤᠰ ᠲᠤ | ᠠᠯᠳᠠᠷᠰᠢᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ | ᠲᠥᠷᠥᠯ ᠲᠡᠮᠳᠡᠭᠲᠦ ᠶᠢ ᠪᠣᠶ ᠪᠣᠯᠭᠠᠪᠠ᠃ ᠢᠯᠠᠩᠭᠤᠶ᠎ᠠ 2021 ᠣᠨ ᠠᠴᠠ ᠨᠠᠰᠢ᠂ ᠪᠥᠬᠦ ᠬᠤᠲᠠ ᠪᠠᠷ ᠢᠶᠠᠨ ︽ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠠᠷᠠᠲᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵ | 2021 - 2023 ᠣᠨ︶︾ ︵ᠥᠪᠥᠷ ᠵᠠᠰᠠᠭ ᠠᠯᠪᠠᠨ ᠲᠠᠷᠬᠠᠭᠠᠭᠰᠠᠨ ︹2021︺ 9 ᠳ᠋ᠦ᠋ᠭᠡᠷ ᠲᠣᠭᠠᠲᠤ︶ | ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ︽ᠤᠤᠯ ᠠᠮᠳᠠᠳᠤ ᠤᠯᠠᠭᠠᠨᠴᠠᠪ︾ ᠤᠨ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ | ᠲᠡᠮᠳᠡᠭᠲᠦ ᠶᠢ ᠪᠣᠶ ᠪᠣᠯᠭᠠᠵᠤ᠂ ︽ᠤᠯᠠᠭᠠᠨᠴᠠᠪ ᠤᠨ ᠲᠥᠮᠥᠰᠥ︾᠂ ︽ᠤᠯᠠᠭᠠᠨᠴᠠᠪ ᠤᠨ ᠬᠦᠢᠲᠡᠨ ᠰᠡᠷᠢᠭᠦᠨ | ᠢᠳᠡᠰᠢᠨ ᠨᠣᠭᠤᠭ᠎ᠠ︾᠂ ︽ᠤᠯᠠᠭᠠᠨᠴᠠᠪ ᠤᠨ ᠦᠬᠡᠷ ᠤᠨ ᠮᠢᠬ᠎ᠠ︾᠂ ︽ᠤᠯᠠᠭᠠᠨᠴᠠᠪ ᠤᠨ ᠬᠤᠨᠢᠨ ᠮᠢᠬ᠎ᠠ︾᠂ ︽ | ᠵᠦᠸᠧᠽᠢ ᠶᠢᠨ ᠤᠲᠤᠮᠠᠯ ᠲᠠᠬᠢᠶ᠎ᠠ︾᠂ ︽ᠹᠧᠩᠵᠧᠨ ᠤ ᠶᠧᠪᠡᠩ︾ ᠵᠡᠷᠭᠡ ᠨᠠᠢᠮᠠᠨ ᠶᠡᠭᠡ ᠬᠤᠪᠢᠶᠠᠷᠢ ᠨᠠᠷᠠᠲᠤ | ᠲᠥᠷᠥᠯ ᠲᠡᠮᠳᠡᠭᠲᠦ ᠲᠠᠢ ᠪᠣᠯᠵᠣ᠂ ᠪᠥᠬᠦ ᠬᠤᠲᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠨᠠᠷᠠᠲᠤ ᠲᠥᠷᠥᠯ ᠲᠡᠮᠳᠡᠭᠲᠦ ᠶᠢᠨ ᠡᠬᠢ ᠪᠠᠶᠠᠯᠢᠭ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠤᠯᠠᠭᠠᠨᠴᠠᠪ ᠤᠨ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠦᠬᠦᠯᠢ ᠴᠣᠭᠴᠠ ᠶᠢᠨ ᠳᠦᠷᠢ ᠲᠥᠷᠬᠦ ᠶᠢ | ᠳᠡᠭᠡᠭᠰᠢᠯᠡᠭᠦᠯᠦᠨ᠂ ᠪᠦᠲᠦᠭᠡᠭᠳᠡᠬᠦᠨ ᠤ ᠢᠷᠠᠭᠤ ᠠᠯᠳᠠᠷ ᠤᠨ ᠬᠡᠮᠵᠢᠶ᠎ᠡ᠂ ᠵᠠᠬ᠎ᠠ ᠳᠡᠯᠭᠡᠭᠦᠷ ᠤᠨ ᠥᠷᠢᠰᠦᠯᠳᠦᠬᠦ | ᠬᠦᠴᠦᠨ ᠪᠠ ᠨᠠᠷᠠᠲᠤ ᠲᠥᠷᠥᠯ ᠲᠡᠮᠳᠡᠭᠲᠦ ᠶᠢᠨ ᠨᠡᠮᠡᠯᠲᠡ ᠥᠷᠲᠡᠭ ᠢ ᠳᠡᠭᠡᠭᠰᠢᠯᠡᠭᠦᠯᠪᠡ᠃ ᠣᠳᠣᠬᠠᠨ ᠳᠤ ︽ᠤᠤᠯ | ᠠᠮᠳᠠᠳᠤ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠡᠷᠬᠡ | ᠣᠯᠭᠤᠭᠰᠠᠨ ᠠᠵᠤ ᠠᠬᠤᠶᠢᠯᠠᠯ ᠨᠢᠭᠡᠨᠲᠡ 108 ᠪᠣᠯᠵᠣ᠂ 500 ᠭᠠᠷᠤᠶ ᠵᠦᠢᠯ ᠤᠨ ᠦᠢᠯᠡᠳᠬᠦᠨ ᠪᠣᠶ᠃ | ᠪᠡᠭᠡᠵᠢᠩ᠂ ᠬᠥᠬᠡᠬᠤᠲᠠ᠂ ᠤᠯᠠᠭᠠᠨᠴᠠᠪ ᠬᠤᠲᠠ ᠳᠤ ︽ᠤᠤᠯ ᠠᠮᠳᠠᠳᠤ ᠤᠯᠠᠭᠠᠨᠴᠠᠪ︾ ᠨᠠᠷᠠᠲᠤ ᠲᠥᠷᠥᠯ | ᠲᠡᠮᠳᠡᠭᠲᠦ ᠶᠢᠨ ᠪᠡᠶᠡᠴᠢᠯᠡᠨ ᠣᠶᠢᠯᠠᠭᠠᠬᠤ ᠳᠡᠯᠭᠡᠭᠦᠷ 6᠂ ᠳᠤᠰ ᠨᠡᠷ᠎ᠡ ᠪᠠᠷ ᠨᠡᠷᠡᠯᠡᠭᠰᠡᠨ ᠳᠡᠯᠭᠡᠭᠦᠷ 11 ᠪᠠᠶᠢᠭᠤᠯᠵᠤ᠂ | ᠵᠢᠯ ᠤᠨ ᠪᠣᠷᠣᠯᠠᠭᠤᠯᠤᠯᠲᠠ ᠶᠢᠨ ᠬᠡᠮᠵᠢᠶ᠎ᠡ ᠨᠢ 5000 ᠲᠦᠮᠡᠨ ᠲᠥᠭᠦᠷᠢᠭ ᠢ ᠳᠠᠪᠠᠪᠠ︔ ᠲᠢᠺ ᠲᠤᠺ᠂ ᠲᠤᠤ | ᠪᠦᠦ᠂ ᠲᠢᠶᠠᠨ ᠮᠤᠤ ᠵᠡᠷᠭᠡ ᠡᠯᠧᠭᠲᠷᠤᠨ ᠬᠤᠳᠠᠯᠳᠤᠭᠠᠨ ᠤ ᠲᠠᠪᠴᠠᠩ ᠳᠤ ︽ᠤᠤᠯ ᠠᠮᠳᠠᠳᠤ ᠤᠯᠠᠭᠠᠨᠴᠠᠪ︾ ᠤᠨ | ᠨᠠᠷᠠᠲᠤ ᠲᠡᠮᠳᠡᠭᠲᠦ ᠶᠢᠨ ᠰᠦᠯᠵᠢᠶᠡᠨ ᠳᠡᠭᠡᠷᠡᠬᠢ 6 ᠳᠡᠯᠭᠡᠭᠦᠷ ᠢ ᠡᠭᠦᠳᠴᠦ᠂ ᠪᠣᠷᠣᠯᠠᠭᠤᠯᠬᠤ ᠠᠷᠭ᠎ᠠ ᠵᠠᠮ ᠢ | ᠥᠷᠭᠡᠳᠬᠡᠪᠡ᠃ ︽ᠣᠤᠯ ᠠᠮᠳᠠᠳᠤ ᠤᠯᠠᠭᠠᠨᠴᠠᠪ︾ ᠢ ᠥᠪᠡᠷᠲᠡᠭᠡᠨ ᠵᠠᠰᠠᠬᠤ ᠣᠷᠣᠨ ᠠᠴᠠ ︽ᠥᠪᠥᠷ | ᠮᠣᠩᠭᠤᠯ ᠤᠨ ᠨᠠᠷᠠᠲᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ︾ ᠪᠠᠷ | ᠰᠢᠯᠭᠠᠷᠠᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠥᠷᠲᠡᠭ ᠢ 167.43 ᠳ᠋ᠦᠩᠰᠢᠭᠤᠷ ᠲᠥᠭᠦᠷᠢᠭ ᠲᠤ | ᠬᠦᠷᠦᠭᠦᠯᠵᠦ᠂ ᠦᠨ᠎ᠡ ᠥᠰᠬᠡᠬᠦ ᠴᠢᠳᠠᠪᠤᠷᠢ ᠶᠢ 20% ᠳᠤ ᠬᠦᠷᠭᠡᠪᠡ᠃ ︽ᠤᠯᠠᠭᠠᠨᠴᠠᠪ ᠤᠨ ᠲᠥᠮᠥᠰᠥ︾ ᠶᠢ | ᠤᠯᠤᠰ ᠤᠨ ᠲᠠᠷᠢᠶᠠᠯᠠᠩ ᠤᠨ ᠨᠠᠷᠠᠲᠤ ᠲᠡᠮᠳᠡᠭᠲᠦ ᠶᠢᠨ ᠰᠣᠳᠣᠨ ᠪᠦᠲᠦᠭᠡᠯ ᠪᠤᠶᠢᠵᠢᠭᠤᠯᠬᠤ ᠲᠥᠯᠥᠪᠯᠡᠭᠡ ᠳᠤ | ᠣᠷᠣᠭᠤᠯᠪᠠ᠃ | ᠭᠤᠷᠪᠠᠨ ᠵᠢᠯ ᠤᠨ ᠲᠤᠷᠰᠢᠬᠢ ᠪᠥᠲᠥᠭᠡᠨ ᠪᠠᠶᠢᠭᠤᠯᠤᠯᠲᠠ ᠪᠠᠷ ᠳᠡᠮᠵᠢᠨ᠂ ︽ᠤᠤᠯ ᠠᠮᠳᠠᠳᠤ ᠤᠯᠠᠭᠠᠨᠴᠠᠪ︾ | ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠠᠷᠠᠲᠤ ᠲᠥᠷᠥᠯ ᠲᠡᠮᠳᠡᠭᠲᠦ ᠶᠢ ᠪᠦᠬᠦ ᠤᠯᠤᠰ ᠤᠨ ᠡᠮᠦᠨᠡᠳᠦ ᠤᠮᠠᠷᠠᠳᠤ ᠤᠷᠤᠨ ᠳᠤ ᠠᠮᠵᠢᠯᠲᠠ ᠲᠠᠢ ᠪᠣᠷᠣᠯᠠᠭᠤᠯᠵᠤ᠂ | ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠪᠦᠲᠦᠮᠵᠢᠲᠡᠶ ᠲᠣᠪᠤᠶᠢᠮ᠎ᠠ ᠪᠣᠯᠵᠣ᠂ ᠰᠠᠶᠢᠨ ᠰᠠᠶᠢᠬᠠᠨ | ᠬᠥᠭᠵᠢᠯᠲᠡ ᠶᠢᠨ ᠪᠠᠶᠢᠳᠠᠯ ᠢᠯᠡᠷᠡᠪᠡ᠃ ᠭᠡᠪᠡᠴᠦ ᠨᠡᠯᠢᠶᠡᠳ ᠲᠡᠷᠢᠭᠦᠨ ᠤ ᠭᠠᠵᠠᠷ ᠣᠷᠣᠨ ᠤ ᠨᠠᠷᠠᠲᠤ ᠲᠡᠮᠳᠡᠭᠲᠦ ᠲᠠᠢ | ᠬᠠᠷᠢᠴᠠᠭᠤᠯᠪᠠᠯ᠂ ︽ᠣᠤᠯ ᠠᠮᠳᠠᠳᠤ ᠤᠯᠠᠭᠠᠨᠴᠠᠪ︾ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠲᠤ ᠮᠥᠨ ᠬᠦ ᠨᠠᠷᠠᠲᠤ | ᠲᠡᠮᠳᠡᠭᠲᠦ ᠶᠢᠨ ᠠᠯᠳᠠᠷᠰᠢᠯ ᠢᠶᠠᠷ ᠳᠣᠤᠷ᠎ᠠ᠂ ᠨᠥᠯᠥᠭᠡᠯᠡᠬᠦ ᠬᠦᠴᠦᠨ ᠢᠶᠠᠷ ᠪᠠᠭᠤᠷᠠᠶ᠂ ᠡᠵᠡᠩᠨᠡᠨ ᠪᠣᠷᠣᠯᠠᠭᠤᠯᠬᠤ | ᠠᠷᠭ᠎ᠠ ᠵᠠᠮ ᠨᠢ ᠢᠪᠴᠤᠤ ᠬᠥᠭᠵᠢᠯᠲᠡ ᠶᠢᠨ ᠳᠤᠲᠠᠭᠤᠳᠠᠯ ᠣᠷᠣᠰᠢᠵᠤ ᠪᠠᠶᠢᠨ᠎ᠠ᠃ ︽ᠤᠤᠯ ᠠᠮᠳᠠᠳᠤ ᠤᠯᠠᠭᠠᠨᠴᠠᠪ | ︾ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠤᠯᠠᠮ ᠨᠢᠭᠡ ᠠᠯᠬᠤᠮ ᠪᠣᠶ | ᠪᠣᠯᠭᠠᠵᠤ᠂ ᠨᠠᠷᠠᠲᠤ ᠲᠥᠷᠥᠯ ᠲᠡᠮᠳᠡᠭᠲᠦ ᠶᠢᠨ ᠪᠣᠳᠠᠲᠤ ᠬᠦᠴᠦᠨ ᠢᠶᠠᠷ ᠴᠢᠩᠭ᠎ᠠ᠂ ᠨᠡᠷ᠎ᠡ ᠠᠯᠳᠠᠷᠰᠢᠯ᠂ | ᠪᠣᠷᠣᠯᠠᠭᠤᠯᠭ᠎ᠠ ᠶᠢᠨ ᠵᠠᠮ ᠥᠷᠭᠡᠨ ᠦᠨᠳᠦᠰᠦᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠲᠠᠷᠠᠭᠠᠴᠢ ᠶᠢᠨ ᠱᠠᠲᠤ | ᠦᠶ᠎ᠡ ᠳᠤ ︽ᠤᠤᠯ ᠠᠮᠲᠠᠳᠤ ᠤᠯᠠᠭᠠᠨᠴᠠᠪ︾ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠨᠢ ᠠᠵᠤ ᠦᠢᠯᠡᠰ ᠤᠨ ᠰᠠᠭᠤᠷᠢ ᠶᠢ | ᠪᠠᠬᠢᠵᠢᠭᠦᠯᠬᠦ᠂ ᠦᠢᠯᠡᠳᠭᠦᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠶᠢ | ᠥᠷᠭᠡᠳᠬᠡᠬᠦ᠂ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠵᠠᠮ ᠢ ᠥᠷᠭᠡᠳᠬᠡᠬᠦ᠂ ᠲᠥᠷᠥ ᠶᠢᠨ ᠪᠣᠳᠣᠯᠭ᠎ᠠ ᠶᠢᠨ | ᠳᠡᠮᠵᠢᠯᠭᠡ ᠶᠢ ᠴᠢᠩᠭᠠᠷᠠᠭᠤᠯᠬᠤ ᠲᠠᠪᠤᠨ ᠲᠠᠯ᠎ᠠ ᠶᠢᠨ ᠲᠣᠭᠤᠷᠢᠨ ᠳᠤ ᠠᠵᠢᠯ ᠢᠶᠠᠨ ᠥᠷᠨᠢᠭᠦᠯᠬᠦ ᠪᠣᠯᠤᠨ᠎ᠠ᠃ | ᠭᠤᠷᠪᠠ᠂ ᠠᠵᠢᠯ ᠤᠨ ᠬᠠᠷᠠᠯᠲᠠ | 2026 ᠤᠨ ᠪᠣᠯᠬᠤ ᠳᠤ᠂ ︽ᠣᠤᠯ ᠠᠮᠳᠠᠳᠤ ᠤᠯᠠᠭᠠᠨᠴᠠᠪ︾ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ | ᠢᠯᠡᠳᠲᠡ ᠳᠡᠭᠡᠭᠰᠢᠯᠡᠭᠦᠯᠵᠦ᠂ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠢᠯᠡᠳᠲᠡ | ᠳᠡᠭᠡᠭᠰᠢᠯᠡᠭᠦᠯᠦᠨ᠎ᠡ᠃ | — ᠨᠡᠷᠡᠲᠦ ᠲᠡᠮᠳᠡᠭᠲᠦ ᠶᠢᠨ ᠥᠷᠲᠡᠭ 60 ᠳ᠋ᠦᠩᠰᠢᠭᠤᠷ ᠲᠥᠭᠦᠷᠢᠭ ᠨᠡᠮᠡᠭᠳᠡᠵᠦ᠂ 220 ᠳ᠋ᠦᠩᠰᠢᠭᠤᠷ | ᠲᠥᠭᠦᠷᠢᠭ ᠠᠴᠠ ᠳᠡᠭᠡᠭᠰᠢ ᠳᠤ ᠬᠦᠷᠦᠨ᠎ᠡ᠃ | ᠲᠦᠷᠦᠯ ᠲᠡᠮᠳᠡᠭ ᠤᠨ ᠦᠨ᠎ᠡ ᠶᠢᠨ ᠦᠰᠦᠯᠲᠡ ᠶᠢᠨ ᠴᠢᠳᠠᠪᠤᠷᠢ ᠶᠢ 5 ᠵᠠᠭᠤᠨ ᠤ ᠬᠤᠪᠢ ᠶᠢᠨ ᠵᠢᠩ ᠪᠠᠷ | ᠳᠡᠭᠡᠭᠰᠢᠯᠡᠭᠦᠯᠵᠦ᠂ 25 ᠳᠤ ᠬᠦᠷᠴᠡᠢ᠃ | — ᠨᠡᠷᠡᠲᠦ ᠲᠡᠮᠳᠡᠭᠲᠦ ᠶᠢᠨ ᠡᠷᠬᠡ ᠣᠯᠭᠤᠭᠰᠠᠨ ᠠᠵᠤ ᠠᠬᠤᠶᠢᠯᠠᠯ ᠢ 150 ᠪᠣᠯᠭᠠᠵᠤ᠂ ᠵᠢᠱᠢᠶ᠎ᠡ | ᠦᠵᠡᠭᠦᠯᠬᠦ ᠠᠵᠤ ᠠᠬᠤᠶᠢᠯᠠᠯ ᠢ 20 ᠠᠴᠠ ᠳᠡᠭᠡᠭᠰᠢ ᠪᠠᠶᠢᠭᠤᠯᠵᠤ᠂ ᠡᠷᠬᠡ ᠣᠯᠭᠤᠭᠰᠠᠨ ᠪᠦᠲᠦᠭᠡᠭᠳᠡᠬᠦᠨ ᠢ 600 | ᠬᠤᠪᠢ ᠪᠣᠯᠭᠠᠨ᠎ᠠ︔ | ᠣᠯᠠᠨ ᠵᠦᠢᠯ ᠤᠨ ᠵᠠᠭᠪᠤᠷ ᠢ ᠬᠡᠷᠡᠭᠯᠡᠨ ︽ᠣᠤᠯ ᠠᠮᠳᠠᠳᠤ ᠤᠯᠠᠭᠠᠨᠴᠠᠪ︾ ᠨᠡᠷᠡᠲᠦ ᠲᠡᠮᠳᠡᠭᠲᠦ ᠶᠢ ᠪᠡᠶᠡᠴᠢᠯᠡᠨ | ᠣᠢᠯᠠᠭᠠᠬᠤ 15 ᠳᠡᠯᠭᠡᠭᠦᠷ᠂ ᠳᠤᠰ ᠨᠡᠷ᠎ᠡ ᠪᠠᠷ ᠨᠡᠷᠡᠯᠡᠭᠰᠡᠨ 20 ᠳᠡᠯᠭᠡᠭᠦᠷ ᠢ ᠪᠠᠶᠢᠭᠤᠯᠤᠨ᠎ᠡ᠃ | ᠳᠥᠷᠪᠡ᠂ ᠭᠤᠤᠯᠳᠠᠯᠭ᠎ᠠ ᠲᠠᠢ ᠡᠭᠦᠷᠭᠡ | ︵ᠨᠢᠭᠡ︶ ᠭᠤᠣᠯᠯᠠᠬᠤ ᠠᠵᠤ ᠦᠢᠯᠡᠰ ᠢ ᠪᠤᠵᠠᠭᠠᠶᠢᠷᠠᠭᠤᠯᠵᠤ᠂ ᠲᠦᠷᠦᠯ ᠲᠡᠮᠳᠡᠭ ᠤᠨ ᠪᠠᠶᠢᠭᠤᠯᠤᠯᠲᠠ ᠶᠢᠨ | ᠰᠠᠭᠤᠷᠢ ᠶᠢ ᠪᠠᠬᠢᠵᠢᠭᠦᠯᠦᠨ᠎ᠡ᠃ ᠮᠠᠨ ᠤ ᠬᠤᠲᠠ ᠶᠢᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ︽ | ᠨᠣᠬᠠᠢ ᠶᠢᠨ ᠬᠤᠰᠢᠭᠤ ᠨᠣᠭᠤᠭ᠎ᠠ ᠲᠥᠮᠥᠰᠤ ᠦᠬᠡᠷ ᠬᠤᠨᠢ ᠰᠦ︾ ᠵᠡᠷᠭᠡ ᠵᠢᠷᠭᠤᠭᠠᠨ ᠶᠡᠭᠡ ᠳᠠᠪᠠᠭᠤᠯᠢᠭ | ᠭᠤᠤᠯᠯᠠᠬᠤ ᠠᠵᠤ ᠦᠢᠯᠡᠰ ᠪᠠ ︽ᠵᠦᠸᠧᠽᠢ ᠶᠢᠨ ᠤᠲᠤᠮᠠᠯ ᠲᠠᠬᠢᠶ᠎ᠠ︾᠂ ︽ᠹᠧᠩᠵᠧᠨ ᠤ ᠶᠧᠪᠡᠩ︾ ᠤᠨ | ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ᠂ ᠰᠤᠳᠤᠯᠤᠨ ᠨᠡᠭᠡᠭᠡᠬᠦ ᠪᠠᠷ ᠲᠤᠯᠭᠠᠭᠤᠷᠢᠯᠠᠬᠤ᠂ ᠰᠠᠭᠤᠷᠢᠨ | ᠭᠠᠵᠠᠷ ᠢᠶᠠᠷ ᠳᠠᠶᠢᠴᠢᠯᠠᠬᠤ᠂ ᠵᠠᠬᠢᠶᠠᠯᠠᠭ᠎ᠠ ᠶᠢ ᠵᠣᠯᠭᠠᠭᠤᠯᠬᠤ᠂ ᠳᠤᠯᠤᠭᠠᠶᠢᠯᠠᠭᠴᠢ ᠠᠵᠤ ᠠᠬᠤᠶᠢᠯᠠᠯ ᠢᠶᠠᠷ | ᠬᠥᠲᠥᠯᠬᠦ ᠶᠢ ᠪᠠᠷᠢᠮᠲᠠᠯᠠᠵᠤ᠂ ᠨᠠᠷᠢᠯᠢᠭ ᠪᠦᠲᠦᠭᠡᠭᠳᠡᠬᠦᠨ ᠬᠢᠵᠦ᠂ ᠪᠥᠬᠦ ᠪᠦᠲᠦᠭᠡᠭᠳᠡᠬᠦᠨ ᠢ ᠬᠦᠴᠦᠷᠬᠡᠭᠵᠢᠭᠦᠯᠦᠨ᠎ᠡ᠃ | ︽ᠨᠣᠬᠠᠶ ᠶᠢᠨ ᠬᠤᠰᠢᠭᠤ ᠶᠢᠨ ᠠᠵᠤ ᠦᠢᠯᠡᠰ ᠢ ᠳᠡᠭᠡᠭᠰᠢᠯᠡᠭᠦᠯᠬᠦ︾ ᠠᠵᠢᠯᠯᠠᠭ᠎ᠠ ᠶᠢ ᠬᠡᠷᠡᠭᠵᠢᠭᠦᠯᠵᠦ᠂ ᠨᠤᠬᠠᠢ ᠶᠢᠨ | ᠬᠤᠰᠢᠭᠤ ᠶᠢᠨ ᠬᠠᠭᠤᠷᠠᠢ ᠳᠠᠷᠢᠶᠠᠨ ᠳᠤ ᠤᠷᠭᠠᠨᠢᠭ ᠢᠶᠠᠷ ᠳᠠᠷᠢᠬᠤ ᠶᠢ ᠶᠡᠬᠡᠪᠡᠷ ᠠᠬᠢᠭᠤᠯᠵᠤ᠂ ᠵᠠᠭᠤᠨ ᠲᠦᠮᠡᠨ ᠮᠦ | ᠨᠣᠬᠠᠶ ᠶᠢᠨ ᠬᠤᠰᠢᠭᠤ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ︔ ᠢᠳᠡᠰᠢᠨ ᠳᠤ | ᠬᠡᠷᠡᠭᠯᠡᠬᠦ ᠨᠤᠬᠠᠢ ᠶᠢᠨ ᠬᠤᠰᠢᠭᠤ ᠶᠢᠨ ᠳᠠᠷᠢᠮᠠᠯ ᠤᠨ ᠳᠠᠯᠠᠪᠠᠢ ᠶᠢ 100 ᠲᠦᠮᠡᠨ ᠮᠤ᠋᠂ ᠭᠠᠷᠤᠯᠳᠠ ᠶᠢᠨ ᠬᠡᠮᠵᠢᠶ᠎ᠡ | ᠶᠢ 7 ᠲᠦᠮᠡᠨ ᠳᠤᠨ ᠳᠤ ᠬᠦᠷᠭᠡᠨ᠎ᠡ᠃ ︽ᠴᠡᠪᠡᠷ ᠨᠣᠭᠤᠭ᠎ᠠ ᠶᠢ ᠪᠡᠭᠡᠵᠢᠩ ᠳᠤ ᠣᠷᠣᠭᠤᠯᠬᠤ︾ ᠠᠵᠢᠯᠯᠠᠭ᠎ᠠ ᠶᠢ | ᠬᠡᠷᠡᠭᠵᠢᠭᠦᠯᠵᠦ᠂ 70 ᠲᠦᠮᠡᠨ ᠮᠦ ᠬᠦᠢᠲᠡᠨ ᠰᠡᠷᠢᠭᠦᠨ ᠢᠳᠡᠰᠢᠨ ᠨᠣᠭᠤᠭ᠎ᠠ ᠲᠠᠷᠢᠬᠤ ᠲᠠᠯᠠᠪᠠᠢ᠂ 180 ᠲᠦᠮᠡᠨ | ᠲᠣᠨ ᠭᠠᠷᠤᠯᠲᠠ ᠲᠠᠢ ᠪᠠᠶᠢᠬᠤ ᠶᠢ ᠲᠣᠭᠲᠠᠪᠤᠷᠢᠵᠢᠭᠤᠯᠤᠨ᠎ᠡ︔ ᠲᠦᠮᠦᠰᠦᠨ ᠦᠢᠯᠡᠰ ᠤᠨ ᠦᠷ᠎ᠡ ᠠᠰᠢᠭ ᠢ | ᠳᠡᠭᠡᠭᠰᠢᠯᠡᠬᠦᠯᠦᠨ᠂ ᠦᠷᠳᠡᠭ ᠢ ᠨᠡᠮᠡᠭᠳᠡᠬᠦᠯᠬᠦ ᠠᠵᠢᠯᠯᠠᠭ᠎ᠠ ᠶᠢ ᠬᠡᠷᠡᠭᠵᠢᠬᠦᠯᠵᠤ᠂ ︽ᠳᠤᠮᠳᠠᠳᠤ ᠤᠯᠤᠰ ᠤᠨ | ᠲᠥᠮᠥᠰᠥ ᠶᠢᠨ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠷᠠᠭᠤᠯᠵᠤ᠂ ᠪᠥᠬᠦ ᠬᠤᠲᠠ ᠶᠢᠨ ᠰᠢᠨ᠎ᠡ | ᠰᠣᠷᠭᠤᠭ ᠲᠥᠮᠥᠰᠥ ᠳᠠᠷᠢᠬᠤ ᠲᠠᠯᠠᠪᠠᠶ ᠶᠢ 120 ᠲᠦᠮᠡᠨ ᠮᠥ ᠳᠤ ᠬᠦᠷᠦᠭᠦᠯᠵᠦ᠂ ᠭᠠᠷᠤᠯᠲᠠ ᠨᠢ 200 ᠲᠦᠮᠡᠨ | ᠲᠣᠨ ᠳᠤ ᠬᠦᠷᠭᠡᠨ᠎ᠡ︔ ︽ᠠᠯᠠᠰᠢᠨ ᠦᠬᠡᠷ ᠢ ᠰᠦᠷᠦᠭᠵᠢᠭᠦᠯᠦᠨ ᠨᠡᠮᠡᠭᠳᠡᠭᠦᠯᠵᠦ ᠳᠠᠬᠢᠨ ᠢᠶᠠᠷ ᠨᠡᠮᠡᠭᠳᠡᠭᠦᠯᠬᠦ︾ | ᠠᠵᠢᠯᠯᠠᠭ᠎ᠠ ᠶᠢ ᠬᠡᠷᠡᠭᠵᠢᠭᠦᠯᠵᠦ᠂ ᠲᠠᠯᠠᠪᠠᠢ ᠶᠢ ᠲᠣᠭᠲᠠᠪᠤᠷᠢᠵᠢᠭᠤᠯᠬᠤ᠂ ᠡᠭᠦᠯᠳᠡᠷ ᠢ ᠰᠠᠶᠢᠵᠢᠷᠠᠭᠤᠯᠬᠤ᠂ ᠶᠠᠰᠤ | ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠳ᠋ᠦ᠋ ᠮᠧᠩ ᠠᠯᠠᠰᠢᠨ ᠬᠤᠨᠢ ᠶᠢ ᠦᠷᠡᠵᠢᠭᠦᠯᠦᠨ ᠪᠤᠶᠢᠵᠢᠭᠤᠯᠬᠤ | ᠰᠢᠯᠢᠳᠡᠭ ᠰᠠᠭᠤᠷᠢᠨ ᠭᠠᠵᠠᠷ ᠢ ᠪᠠᠶᠢᠭᠤᠯᠵᠤ᠂ ᠳ᠋ᠦ᠋ ᠮᠧᠩ ᠠᠯᠠᠰᠢᠨ ᠬᠤᠨᠢ ᠶᠢ 100 ᠲᠦᠮᠡᠨ ᠲᠣᠯᠣᠭᠠᠶ ᠳᠤ | ᠬᠦᠷᠦᠭᠦᠯᠦᠨ᠎ᠡ︔ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠬᠡᠷᠡᠭᠵᠢᠭᠦᠯᠵᠦ᠂ 15 | ᠲᠦᠮᠡᠨ ᠰᠠᠭᠠᠯᠢ ᠶᠢᠨ ᠦᠨᠢᠶ᠎ᠡ ᠲᠠᠢ ᠪᠣᠯᠭᠠᠨ᠎ᠠ︔ ︽ᠹᠧᠩᠵᠧᠨ ᠤ ᠶᠧᠪᠠᠩ︾᠂ ︽ᠵᠦᠸᠧᠽᠢ ᠶᠢᠨ ᠤᠳᠤᠮᠠᠯ | ᠲᠠᠬᠢᠶ᠎ᠠ︾ ᠶᠢᠨ ᠬᠤᠶᠠᠷ 5 ᠳ᠋ᠦᠩᠰᠢᠭᠤᠷ ᠲᠥᠭᠦᠷᠢᠭ ᠤᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ | ᠢᠳᠡᠪᠬᠢᠲᠡᠶ ᠠᠬᠢᠭᠤᠯᠤᠨ᠎ᠠ᠃ ᠡᠷᠬᠡ ᠣᠯᠭᠤᠭᠰᠠᠨ ᠠᠵᠤ ᠠᠬᠤᠶᠢᠯᠠᠯ ᠤᠨ ︽ᠣᠤᠯ ᠠᠮᠳᠠᠳᠤ ᠤᠯᠠᠭᠠᠨᠴᠠᠪ︾ ᠤᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠡᠵᠡᠩᠨᠡᠯᠲᠡ ᠶᠢᠨ ᠡᠭᠦᠷᠭᠡ ᠴᠢᠳᠠᠪᠤᠷᠢ ᠶᠢ | ᠡᠭᠦᠷᠭᠡᠯᠡᠬᠦ ᠶᠢ ᠵᠣᠷᠢᠭᠵᠢᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠭᠤᠤᠯ ᠪᠠᠶᠢᠷᠢ ᠲᠣᠭᠲᠠᠭᠠᠯᠲᠠ ᠶᠢ | ᠣᠨᠣᠪᠴᠢᠲᠠᠶ ᠣᠯᠵᠤ᠂ ᠤᠯᠤᠰ ᠤᠨ ᠳᠣᠲᠣᠭᠠᠳᠤ ᠶᠢᠨ ᠳᠤᠮᠳᠠ ᠳᠡᠭᠡᠳᠦ ᠲᠠᠰ ᠤᠨ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠳᠤ ᠰᠠᠭᠤᠷᠢᠯᠠᠨ᠂ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠪᠤᠶᠢᠵᠢᠭᠤᠯᠤᠨ᠎ᠠ᠃ ︵ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | ︵ᠬᠤᠶᠠᠷ︶᠂ ᠡᠬᠢ ᠪᠠᠶᠠᠯᠢᠭ ᠤᠨ ᠳᠠᠪᠠᠭᠤᠯᠢᠭ ᠢ ᠠᠭᠤᠳᠠᠯᠵᠤ᠂ ᠨᠡᠷᠡᠲᠦ ᠲᠥᠷᠥᠯ ᠲᠡᠮᠳᠡᠭᠲᠦ ᠦᠢᠯᠡᠳᠬᠦᠨ ᠤ | ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠪᠠᠶᠢᠭᠠᠯᠢ ᠶᠢᠨ ᠠᠭᠤᠷ ᠠᠮᠢᠰᠬᠤᠯ ᠤᠨ ᠡᠬᠢ ᠪᠠᠶᠠᠯᠢᠭ ᠤᠨ | ᠳᠠᠪᠠᠭᠤᠯᠢᠭ ᠢ ᠳᠣᠪᠤᠶᠢᠯᠭᠠᠨ᠂ ᠨᠠᠷᠠᠲᠤ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠦᠨ᠎ᠡ | ᠥᠷᠲᠡᠭ ᠢ ᠠᠭᠤᠳᠠᠯᠵᠤ᠂ ᠪᠣᠬᠢᠷᠲᠤᠯ ᠥᠬᠡᠶ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ᠂ ᠨᠠᠷᠠᠲᠤ | ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠩᠰᠡᠯᠡᠨ ᠲᠡᠮᠳᠡᠭᠯᠡᠬᠦ ᠶᠢ ᠢᠳᠡᠪᠬᠢᠲᠡᠶ ᠥᠷᠨᠢᠭᠦᠯᠵᠦ᠂ | ᠨᠠᠷᠠᠲᠤ ᠲᠡᠮᠳᠡᠭᠲᠦ ᠶᠢᠨ ᠪᠠᠷᠢᠮᠵᠢᠶ᠎ᠠ᠂ ︽ᠮᠣᠩᠭᠤᠯ ᠥᠰᠥᠭ ᠤᠨ ᠲᠡᠮᠳᠡᠭ︾ ᠤᠨ ᠭᠡᠷᠡᠴᠢᠯᠡᠯ᠂ ᠮᠥᠷᠳᠡᠨ | ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ ᠲᠡᠭᠦᠯᠳᠡᠷᠵᠢᠭᠦᠯᠦᠨ᠎ᠡ᠃ 2026 ᠤᠨ ᠪᠣᠯᠬᠤ ᠳᠤ᠂ | ︽ᠤᠤᠯ ᠠᠮᠳᠠᠳᠤ ᠤᠯᠠᠭᠠᠨᠴᠠᠪ︾ ᠤᠨ ᠨᠠᠷᠠᠲᠤ ᠲᠡᠮᠳᠡᠭᠲᠦ ᠶᠢᠨ ᠪᠦᠲᠦᠭᠡᠭᠳᠡᠬᠦᠨ ᠳᠤ ᠪᠣᠬᠢᠷᠲᠤᠯ ᠥᠬᠡᠶ ᠣᠷᠭᠠᠨᠢᠭ | ᠭᠡᠷᠡᠴᠢᠯᠡᠯ ᠢ 50 ᠬᠤᠪᠢ ᠰᠢᠨ᠎ᠡ ᠪᠠᠷ ᠨᠡᠮᠡᠭᠳᠡᠭᠦᠯᠵᠦ᠂ 350 ᠬᠤᠪᠢ ᠬᠦᠷᠦᠬᠦᠯᠦᠨ᠎ᠡ︔ ᠨᠠᠷᠠᠲᠤ ᠰᠢᠯᠢᠳᠡᠭ | ᠣᠨᠴᠠ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ 30 ᠬᠤᠪᠢ ᠳᠡᠩᠰᠡᠯᠡᠵᠦ᠂ 115 ᠬᠤᠪᠢ ᠬᠦᠷᠦᠬᠦᠯᠦᠨ᠎ᠡ ︵ | ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶︔ ᠨᠠᠷᠠᠲᠤ ᠲᠡᠮᠳᠡᠭᠲᠦ ᠶᠢᠨ ᠶᠠᠰᠤ ᠴᠢᠨᠠᠷ ᠤᠨ | ᠪᠣᠭᠤᠮᠲᠠ ᠶᠢ ᠴᠢᠩᠭ᠎ᠠ ᠠᠳᠬᠤᠵᠤ᠂ ᠭᠤᠤᠯᠳᠠᠭᠤ ᠠᠵᠤ ᠦᠢᠯᠡᠰ᠂ ᠣᠨᠴᠠᠯᠢᠭ ᠤᠨ ᠲᠣᠭᠤᠷᠢᠨ ᠳᠤ ᠮᠠᠨ ᠤ | ᠬᠤᠲᠠ ᠶᠢᠨ ᠬᠠᠮᠢᠶ᠎ᠠ ᠪᠥᠬᠦᠶ ᠪᠠᠷᠢᠮᠵᠢᠶᠠᠵᠢᠭᠤᠯᠬᠤ ᠮᠡᠷᠭᠡᠵᠢᠯ ᠤᠨ ᠲᠦᠷᠢᠮ ᠢ ᠲᠣᠭᠲᠠᠭᠠᠬᠤ ︵ᠵᠠᠰᠠᠪᠤᠷᠢ | ᠣᠷᠣᠭᠤᠯᠬᠤ︶ ᠠᠵᠢᠯ ᠢ ᠥᠷᠨᠢᠭᠦᠯᠵᠦ᠂ ︽ᠤᠤᠯ ᠠᠮᠲᠠᠳᠤ ᠤᠯᠠᠭᠠᠨᠴᠠᠪ︾ ᠬᠢᠭᠡᠳ ︽ᠮᠣᠩᠭᠤᠯ︾ ᠥᠰᠥᠭ ᠤᠨ | ᠲᠡᠮᠳᠡᠭ ᠢ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠎ᠠ︔ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠬᠠᠮᠵᠢᠯᠴᠠᠨ᠎ᠠ︶᠃ ᠬᠤᠲᠠ ᠶᠢᠨ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠲᠥᠪ ᠵᠡᠷᠭᠡ | ᠡᠷᠬᠡ ᠰᠦᠷᠲᠦ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠲᠦᠰᠢᠭᠯᠡᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠣᠨᠴᠠᠯᠢᠭᠲᠤ ᠳᠠᠪᠠᠭᠤᠯᠢᠭ ᠴᠢᠨᠠᠷ ᠤᠨ ᠬᠡᠮᠵᠢᠶᠡᠵᠢᠭᠦᠯᠦᠭᠰᠡᠨ ᠭᠦᠢᠴᠡᠳᠬᠡᠯ ᠲᠤᠭ᠎ᠠ ᠳᠤ ᠰᠢᠯᠭᠠᠨ | ᠪᠠᠶᠢᠴᠠᠭᠠᠵᠤ ᠪᠠᠶᠢᠴᠠᠭᠠᠨ ᠬᠡᠮᠵᠢᠨ᠎ᠡ᠃ ᠨᠠᠷᠠᠲᠤ ᠲᠡᠮᠳᠡᠭᠲᠦ ᠶᠢᠨ ᠪᠦᠲᠦᠭᠡᠭᠳᠡᠬᠦᠨ ᠢ ᠪᠥᠬᠦ ᠶᠠᠪᠤᠴᠠ ᠪᠠᠷ ᠮᠥᠷᠳᠡᠬᠦ ᠶᠢ | ᠲᠡᠭᠦᠯᠳᠡᠷᠵᠢᠭᠦᠯᠵᠦ᠂ ᠣᠷᠣᠨ ᠪᠦᠰᠡ ᠶᠢᠨ ᠨᠠᠷᠠᠲᠤ ᠲᠡᠮᠳᠡᠭ ᠲᠤ ᠡᠷᠬᠡ ᠣᠯᠭᠤᠭᠰᠠᠨ ᠠᠵᠤ ᠠᠬᠤᠶᠢᠯᠠᠯ ᠤᠨ | ᠪᠦᠲᠦᠭᠡᠭᠳᠡᠬᠦᠨ ᠢ ᠤᠯᠤᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ | ᠠᠮᠤᠷ ᠲᠦᠪᠰᠢᠨ ᠢ ᠮᠥᠷᠳᠡᠨ ᠤᠬᠤᠴᠢᠯᠠᠬᠤ ᠲᠠᠪᠴᠠᠩ ᠳᠤ ᠴᠠᠭ ᠲᠤᠬᠠᠶ ᠳᠤᠨᠢ ᠣᠷᠣᠭᠤᠯᠵᠤ᠂ ᠨᠠᠷᠠᠲᠤ | ᠲᠡᠮᠳᠡᠭᠲᠦ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ | ᠳᠡᠭᠡᠭᠰᠢᠯᠡᠭᠦᠯᠦᠨ᠎ᠡ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠦᠷᠦᠭᠦᠯᠡᠵᠦ᠂ ᠡᠯ᠎ᠡ | ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ᠃︶ | ︵ᠭᠤᠷᠪᠠ︶ ᠤᠬᠠᠭᠤᠯᠤᠨ ᠲᠠᠨᠢᠯᠴᠠᠭᠤᠯᠬᠤ ᠶᠢ ᠴᠢᠩᠭᠠᠳᠬᠠᠵᠤ᠂ ᠨᠠᠷᠠᠲᠤ ᠲᠥᠷᠥᠯ ᠲᠡᠮᠳᠡᠭᠲᠦ ᠶᠢᠨ ᠰᠠᠶᠢᠨ | ᠰᠠᠶᠢᠬᠠᠨ ᠳᠦᠷᠢ ᠲᠥᠷᠬᠦ ᠶᠢ ᠪᠣᠶ ᠪᠣᠯᠭᠠᠨ᠎ᠠ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠬᠤᠳᠠᠯᠳᠤᠭᠠᠨ ᠤ | ᠶᠠᠪᠤᠳᠠᠯ ᠤᠨ ᠶᠠᠮᠤᠨ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ | ᠵᠡᠷᠭᠡ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠡᠯ᠎ᠡ ᠲᠥᠷᠥᠯ ᠤᠨ ᠴᠢᠨᠠᠷ ᠰᠠᠶᠢᠲᠠᠶ ᠲᠠᠷᠢᠶᠠᠯᠠᠩ ᠤᠨ | ᠪᠦᠲᠦᠭᠡᠭᠳᠡᠬᠦᠨ ᠤ ᠳᠡᠯᠭᠡᠨ ᠦᠵᠡᠬᠦᠯᠵᠤ ᠠᠷᠠᠯᠵᠢᠶᠠᠯᠠᠬᠤ ᠪᠠ ᠲᠠᠨᠢᠯᠴᠠᠭᠤᠯᠬᠤ ᠠᠵᠢᠯᠯᠠᠭ᠎ᠠ ᠳᠤ ᠢᠳᠡᠪᠬᠢᠲᠡᠶ | ᠣᠷᠣᠯᠴᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠪᠴᠠᠩ ᠢᠶᠠᠷ ᠳᠠᠮᠵᠢᠭᠤᠯᠤᠨ ︽ᠤᠤᠯ ᠠᠮᠳᠠᠳᠤ | ᠤᠯᠠᠭᠠᠨᠴᠠᠪ︾ ᠤᠨ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠤᠨ᠎ᠡ᠃ ︽ᠤᠤᠯ ᠠᠮᠳᠠᠳᠤ ᠤᠯᠠᠭᠠᠨᠴᠠᠪ︾ ᠢ | ᠨᠡᠶᠢᠲᠡᠯᠡᠬᠦ ᠳᠡᠯᠭᠡᠨ ᠪᠣᠷᠣᠯᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠪᠡᠭᠡᠵᠢᠩ᠂ ᠱᠠᠩᠬᠠᠶ᠂ ᠱᠧᠨᠵᠧᠨ᠂ | ᠭᠤᠸᠠᠩᠵᠧᠦ ᠡᠯ᠎ᠡ ᠲᠣᠮᠣ ᠬᠤᠲᠠ ᠳᠤ ︽ᠤᠤᠯ ᠠᠮᠲᠠᠳᠣ ᠤᠯᠠᠭᠠᠨᠴᠠᠪ︾ ᠤᠨ ᠪᠦᠲᠦᠭᠡᠭᠳᠡᠬᠦᠨ ᠢ ᠨᠡᠶᠢᠲᠡᠯᠡᠬᠦ ᠪᠠ | ᠤᠬᠠᠭᠤᠯᠬᠤ ᠭᠠᠷᠠᠭ ᠤᠨ ᠠᠵᠢᠯᠯᠠᠭ᠎ᠠ ᠥᠷᠨᠢᠭᠦᠯᠦᠨ᠎ᠡ᠃ ᠲᠥᠪ᠂ ᠥᠪᠡᠷᠲᠡᠭᠡᠨ ᠵᠠᠰᠠᠬᠤ ᠣᠷᠣᠨ ᠤ ᠲᠧᠯᠸᠢᠰ | ᠬᠤᠷᠢᠶ᠎ᠠ ᠵᠡᠷᠭᠡ ᠤᠯᠠᠮᠵᠢᠯᠠᠯᠲᠤ ᠵᠠᠭᠤᠴᠢᠯᠠᠭᠤᠷ ᠵᠢᠴᠢ ᠰᠢᠨ᠎ᠡ ᠵᠠᠭᠤᠴᠢᠯᠠᠭᠤᠷ ᠢ ᠠᠰᠢᠭᠯᠠᠨ᠂ ︽ᠤᠤᠯ ᠠᠮᠲᠠᠳᠤ | ᠤᠯᠠᠭᠠᠨᠴᠠᠪ︾ ᠤᠨ ᠨᠠᠷᠠᠲᠤ ᠲᠡᠮᠳᠡᠭᠲᠦ ᠵᠢᠴᠢ ᠦᠢᠯᠡᠳᠬᠦᠨ ᠤ ᠤᠬᠠᠭᠤᠯᠭ᠎ᠠ ᠶᠢ ᠥᠷᠨᠢᠭᠦᠯᠦᠨ᠎ᠡ᠃ ᠬᠤᠲᠠ ᠶᠢᠨ | ᠳᠣᠲᠣᠷᠠᠬᠢ ᠲᠧᠯᠸᠢᠰ᠂ ᠰᠣᠨᠢᠨ ᠰᠡᠳᠬᠦᠯ᠂ ᠵᠠᠮ ᠵᠡᠷᠭᠡ ᠡᠯ᠎ᠡ ᠲᠥᠷᠥᠯ ᠤᠨ ᠵᠠᠷ ᠮᠡᠳᠡᠭᠡ ᠶᠢᠨ ᠡᠬᠢ ᠪᠠᠶᠠᠯᠢᠭ ᠲᠤ | ᠲᠦᠰᠢᠭᠯᠡᠨ ᠵᠠᠷ ᠮᠡᠳᠡᠭᠡ ᠶᠢᠨ ᠤᠬᠠᠭᠤᠯᠭ᠎ᠠ ᠬᠢᠬᠦ ᠬᠡᠷᠡᠭᠲᠡᠶ᠃ ︽ᠤᠤᠯ ᠠᠮᠳᠠᠳᠤ ᠤᠯᠠᠭᠠᠨᠴᠠᠪ︾ ᠤᠨ | ᠲᠠᠷᠢᠶᠠᠯᠠᠩ ᠤᠨ ᠤᠬᠠᠭᠤᠯᠤᠨ ᠲᠦᠯᠬᠢᠨ ᠬᠦᠷᠬᠡᠬᠦ ᠳᠠᠷᠤᠭ᠎ᠠ ᠪᠠ ᠰᠦᠯᠵᠢᠶᠡᠨ ᠤ ᠣᠳᠣᠨ 20 ᠠᠴᠠ ᠳᠡᠭᠡᠭᠰᠢᠬᠢ ᠶᠢ | ᠪᠤᠶᠢᠵᠢᠭᠤᠯᠵᠤ᠂ ᠨᠠᠷᠠᠲᠤ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ︵ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ ᠲᠦᠷᠦᠭᠦᠯᠡᠵᠦ᠂ ᠡᠯ᠎ᠡ | ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | ︵ᠳᠥᠷᠪᠡ︶᠂ ᠡᠵᠡᠩᠨᠡᠨ ᠪᠣᠷᠣᠯᠠᠭᠤᠯᠬᠤ ᠲᠣᠤᠷ ᠰᠦᠯᠵᠢᠶ᠎ᠡ ᠶᠢ ᠥᠷᠭᠡᠳᠬᠡᠵᠦ᠂ ᠲᠦᠷᠦᠯ ᠲᠡᠮᠳᠡᠭ ᠤᠨ | ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ ︽ᠤᠤᠯ ᠠᠮᠳᠠᠳᠤ ᠤᠯᠠᠭᠠᠨᠴᠠᠪ︾ ᠤᠨ ᠪᠤᠷᠤᠯᠠᠭᠤᠯᠭ᠎ᠠ ᠶᠢᠨ | ᠦᠵᠦᠬᠦᠷ ᠢ ᠪᠠᠶᠢᠭᠤᠯᠵᠤ᠂ ᠪᠡᠭᠡᠵᠢᠩ ᠵᠡᠷᠭᠡ ᠶᠡᠭᠡ ᠳᠤᠮᠳᠠ ᠬᠤᠲᠠ ᠪᠠ ᠲᠤᠬᠠᠶ ᠶᠢᠨ ᠭᠠᠵᠠᠷ ᠤᠨ ᠵᠠᠬ᠎ᠠ | ᠳᠡᠯᠭᠡᠭᠦᠷ ᠤᠨ ᠬᠤᠶᠠᠷ ᠦᠵᠦᠭᠦᠷ ᠢ ᠴᠢᠩᠭ᠎ᠠ ᠠᠩᠬᠠᠷᠴᠤ᠂ ︽ᠤᠤᠯ ᠠᠮᠳᠠᠳᠤ ᠤᠯᠠᠭᠠᠨᠴᠠᠪ︾ ᠤᠨ ᠴᠢᠨᠠᠷ ᠰᠠᠶᠢᠲᠠᠶ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠡᠶᠡᠴᠢᠯᠡᠨ ᠣᠶᠢᠯᠠᠭᠠᠬᠤ ᠳᠡᠯᠭᠡᠭᠦᠷ᠂ ᠨᠠᠷᠠᠲᠤ | ᠳᠡᠯᠭᠡᠭᠦᠷ ᠢ ᠪᠥᠲᠥᠭᠡᠨ ᠪᠠᠶᠢᠭᠤᠯᠤᠨ᠎ᠠ᠃ ᠵᠢᠯ ᠪᠦᠷᠢ 3 ᠪᠡᠶᠡᠴᠢᠯᠡᠨ ᠣᠶᠢᠯᠠᠭᠠᠬᠤ ᠳᠡᠯᠭᠡᠭᠦᠷ ᠢ ᠪᠠᠶᠢᠭᠤᠯᠵᠤ᠂ 3 | ᠳᠡᠯᠭᠡᠭᠦᠷ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠬᠠᠮᠵᠢᠯᠴᠠᠨ᠎ᠠ︶᠃ ︽ᠤᠤᠯ ᠠᠮᠳᠠᠳᠤ ᠤᠯᠠᠭᠠᠨᠴᠠᠪ︾ ᠤᠨ ᠴᠢᠨᠠᠷ ᠰᠠᠶᠢᠲᠠᠶ ᠡᠵᠡᠩᠨᠡᠯᠲᠡ ᠶᠢᠨ ᠠᠵᠤ | ᠠᠬᠤᠶᠢᠯᠠᠯ ᠳᠤ ᠲᠦᠰᠢᠭᠯᠡᠨ᠂ ︽ᠤᠤᠯ ᠠᠮᠳᠠᠳᠤ ᠤᠯᠠᠭᠠᠨᠴᠠᠪ︾ ᠤᠨ ᠴᠢᠨᠠᠷ ᠰᠠᠶᠢᠲᠠᠶ ᠲᠠᠷᠢᠶᠠᠯᠠᠩ ᠤᠨ | ᠪᠦᠲᠦᠭᠡᠭᠳᠡᠬᠦᠨ ᠤ ︽ᠲᠠᠪᠤ ᠶᠢ ᠣᠷᠣᠭᠤᠯᠬᠤ︾ ᠡᠵᠡᠩᠨᠡᠨ ᠪᠣᠷᠣᠯᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ︵ | ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ | ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ ᠨᠠᠷᠠᠲᠤ ᠲᠥᠷᠥᠯ | ᠲᠡᠮᠳᠡᠭᠲᠦ ᠶᠢᠨ ᠰᠦᠯᠵᠢᠶᠡᠨ ᠤ ᠡᠵᠡᠩᠨᠡᠨ ᠪᠣᠷᠣᠯᠠᠭᠤᠯᠤᠯᠲᠠ ᠶᠢ ᠶᠡᠬᠡᠪᠡᠷ ᠬᠥᠭᠵᠢᠭᠦᠯᠵᠦ᠂ ᠡᠷᠬᠡ ᠣᠯᠭᠤᠭᠰᠠᠨ ᠠᠵᠤ | ᠠᠬᠤᠶᠢᠯᠠᠯ ᠤᠨ ᠨᠠᠷᠠᠲᠤ ᠡᠯᠧᠺᠲᠷᠤᠨ ᠬᠤᠳᠠᠯᠳᠤᠭᠠᠨ ᠤ ᠳᠡᠪᠴᠡᠩ ᠢᠶᠠᠷ ᠳᠠᠮᠵᠢᠭᠤᠯᠤᠨ ᠨᠠᠷᠠᠲᠤ ᠲᠥᠷᠥᠯ | ᠲᠡᠮᠳᠡᠭᠲᠦ ᠶᠢ ᠰᠦᠯᠵᠢᠶᠡᠨ ᠳᠡᠭᠡᠷ᠎ᠡ ᠳᠡᠯᠭᠡᠷᠡᠭᠦᠯᠦᠨ ᠪᠣᠷᠣᠯᠠᠭᠤᠯᠬᠤ ᠶᠢ ᠵᠣᠷᠢᠭᠵᠢᠭᠤᠯᠤᠨ᠎ᠠ᠃ ︵ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ᠃︶ | ︵ᠲᠠᠪᠤ︶ ᠬᠠᠮᠢᠶᠠᠷᠤᠯᠲᠠ ᠶᠢᠨ ᠲᠣᠭᠲᠠᠴᠠ ᠶᠢ ᠵᠢᠷᠤᠮᠵᠢᠭᠤᠯᠤᠨ᠂ ᠲᠦᠷᠦᠯ ᠲᠡᠮᠳᠡᠭ ᠤᠨ ᠰᠠᠶᠢᠨ | ᠬᠥᠭᠵᠢᠯᠲᠡ ᠶᠢ ᠠᠬᠢᠭᠤᠯᠤᠨ᠎ᠠ᠃ ᠨᠡᠷᠡᠲᠦ ᠲᠥᠷᠥᠯ ᠲᠡᠮᠳᠡᠭᠲᠦ ᠶᠢᠨ ᠶᠠᠰᠤ ᠴᠢᠨᠠᠷ ᠢ ᠰᠢᠯᠢᠳᠡᠭᠵᠢᠭᠦᠯᠬᠦ ᠪᠠᠷ ᠭᠤᠣᠯ | ᠱᠠᠭᠠᠷᠳᠠᠯᠭ᠎ᠠ ᠪᠣᠯᠭᠠᠵᠤ᠂ ᠴᠢᠩᠭ᠎ᠠ ᠨᠢᠮᠪᠠᠢ᠂ ᠵᠢᠷᠤᠮᠵᠢᠭᠰᠠᠨ᠂ ︽ᠤᠤᠯ ᠠᠮᠳᠠᠳᠤ ᠤᠯᠠᠭᠠᠨᠴᠠᠪ︾ ᠤᠨ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ︽ᠤᠤᠯ ᠠᠮᠳᠠᠳᠤ ᠤᠯᠠᠭᠠᠨᠴᠠᠪ︾ ᠤᠨ ᠨᠠᠷᠠᠲᠤ | ᠲᠥᠷᠥᠯ ᠲᠡᠮᠳᠡᠭᠲᠦ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ᠂ ᠨᠠᠷᠠᠲᠤ ᠲᠥᠷᠥᠯ ᠲᠡᠮᠳᠡᠭᠲᠦ ᠶᠢᠨ | ᠵᠥᠪᠰᠢᠶᠡᠷᠡᠨ ᠣᠷᠣᠭᠤᠯᠬᠤ ᠵᠢᠴᠢ ᠪᠤᠴᠠᠭᠠᠨ ᠭᠠᠷᠭᠠᠬᠤ ᠳᠤ ᠬᠠᠮᠢᠶᠠᠷᠤᠯᠲᠠ ᠶᠢᠨ ᠲᠦᠷᠢᠮ ᠢ ᠴᠢᠩᠭ᠎ᠠ ᠵᠢᠷᠤᠮᠯᠠᠨ᠂ | ᠨᠠᠷᠠᠲᠤ ᠲᠥᠷᠥᠯ ᠲᠡᠮᠳᠡᠭᠲᠦ ᠶᠢᠨ ᠵᠠᠬ᠎ᠠ ᠳᠡᠯᠭᠡᠭᠦᠷ ᠤᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠵᠢᠯ ᠪᠦᠷᠢ ︽ᠤᠤᠯ ᠠᠮᠳᠠᠳᠤ ᠤᠯᠠᠭᠠᠨᠴᠠᠪ︾ ᠤᠨ ᠨᠠᠷᠠᠲᠤ ᠲᠥᠷᠥᠯ ᠲᠡᠮᠳᠡᠭᠲᠦ ᠶᠢᠨ ᠡᠷᠬᠡ ᠤᠯᠭᠤᠭᠰᠠᠨ ᠠᠵᠤ | ᠠᠬᠤᠶᠢᠯᠠᠯ ᠢ ᠡᠮᠬᠢᠯᠠᠨ ᠰᠢᠯᠤᠭᠤᠳᠬᠠᠵᠤ᠂ ᠲᠡᠮᠳᠡᠭ ᠢ ᠬᠠᠭᠤᠷᠮᠠᠭᠯᠠᠨ ᠬᠡᠷᠡᠭᠯᠡᠬᠦ᠂ ︽ᠤᠤᠯ ᠠᠮᠲᠠᠳᠤ ᠤᠯᠠᠭᠠᠨᠴᠠᠪ︾ | ᠤᠨ ᠨᠠᠷᠠᠲᠤ ᠲᠥᠷᠥᠯ ᠲᠡᠮᠳᠡᠭᠲᠦ ᠶᠢᠨ ᠲᠡᠮᠳᠡᠭ ᠢ ᠳᠤᠷ᠎ᠠ ᠪᠠᠷ ᠢᠶᠠᠨ ᠬᠡᠷᠡᠭᠯᠡᠭᠰᠡᠨ ᠠᠵᠤ ᠠᠬᠤᠶᠢᠯᠠᠯ ᠪᠠ | ᠦᠢᠯᠡᠳᠬᠦᠨ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ︔ ︽︿ᠤᠤᠯ ᠠᠮᠳᠠᠳᠤ ᠤᠯᠠᠭᠠᠨᠴᠠᠪ﹀ ᠢ | ᠪᠠᠷᠢᠮᠵᠢᠶ᠎ᠠ ᠪᠠᠷ ᠵᠥᠪᠰᠢᠶᠡᠷᠡᠨ ᠬᠡᠷᠡᠭᠯᠡᠬᠦ ᠳᠡᠮᠵᠢᠯᠭᠡ ᠶᠢᠨ ᠲᠥᠷᠥ ᠶᠢᠨ ᠪᠣᠳᠣᠯᠭ᠎ᠠ︾ ᠶᠢ ᠨᠡᠶᠢᠲᠡᠯᠡᠨ᠎ᠡ︔ ︽ᠤᠤᠯ | ᠠᠮᠳᠠᠳᠤ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ | ᠪᠠᠶᠢᠭᠤᠯᠤᠯᠲᠠ ᠪᠠ ᠡᠯᠧᠭᠲᠷᠤᠨ ᠬᠤᠳᠠᠯᠳᠤᠭᠠᠨ ᠤ ᠬᠥᠭᠵᠢᠯᠲᠡ ᠶᠢᠨ ᠪᠣᠯᠪᠠᠰᠤᠷᠠᠭᠤᠯᠤᠯ ᠤᠨ ᠦᠢᠯᠡᠴᠢᠯᠡᠬᠡᠨ ᠤ | ᠠᠵᠢᠯᠯᠠᠭ᠎ᠠ ᠶᠢ ᠥᠷᠨᠢᠭᠦᠯᠵᠦ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠴᠢᠳᠠᠪᠤᠷᠢᠲᠠᠨ ᠢ | ᠪᠤᠶᠢᠵᠢᠭᠤᠯᠤᠨ᠂ ᠨᠠᠷᠠᠲᠤ ᠲᠥᠷᠥᠯ ᠲᠡᠮᠳᠡᠭᠲᠦ ᠶᠢᠨ ᠪᠡᠶ᠎ᠡ ᠪᠠᠨ ᠳᠠᠭᠠᠭᠠᠵᠤ ᠴᠢᠰᠤ ᠪᠦᠲᠦᠭᠡᠬᠦ ᠴᠢᠳᠠᠪᠤᠷᠢ ᠶᠢ | ᠴᠢᠩᠭᠠᠷᠠᠭᠤᠯᠤᠨ᠎ᠠ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠬᠠᠮᠵᠢᠯᠴᠠᠨ᠎ᠠ︶᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠡ᠃ ᠬᠤᠲᠠ ᠶᠢᠨ ᠨᠠᠷᠠᠲᠤ | ᠲᠡᠮᠳᠡᠭᠲᠦ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ | ᠴᠢᠩᠭᠠᠳᠬᠠᠵᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠪ ᠪᠠ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠪᠦᠷᠢᠯᠳᠦᠬᠦᠨ ᠨᠢᠭᠡᠴᠢ ᠨᠦᠭᠦᠳ ᠲᠣᠰ ᠲᠣᠰ ᠤᠨ ᠡᠭᠦᠷᠭᠡ | ᠲᠤᠰᠢᠶᠠᠯ ᠢᠶᠠᠨ ᠭᠦᠢᠴᠡᠳᠬᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠲᠣᠭᠲᠠᠮᠠᠯ ᠬᠤᠭᠤᠴᠠᠭ᠎ᠠ ᠲᠠᠢ ᠪᠠᠷ | ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠥᠨᠳᠥᠷ ᠪᠦᠲᠦᠮᠵᠢᠲᠡᠶ᠂ ᠰᠠᠭᠠᠳ ᠥᠬᠡᠶ ᠨᠠᠷᠠᠲᠤ ᠲᠡᠮᠳᠡᠭᠲᠦ ᠶᠢᠨ | ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠪᠣᠶ ᠪᠣᠯᠭᠠᠵᠤ᠂ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢᠨ | ᠠᠬᠢᠴᠠ ᠶᠢ ᠠᠬᠢᠭᠤᠯᠤᠨ᠎ᠠ᠃ | ︵ᠬᠤᠶᠠᠷ︶ ᠬᠠᠷᠠᠯᠲᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠡ᠃ ᠡᠯ᠎ᠡ ᠬᠤᠰᠢᠭᠤ ᠰᠢᠶᠠᠨ ᠬᠤᠲᠠ | ᠲᠣᠭᠤᠷᠢᠭ ᠨᠢ ︽ᠣᠤᠯ ᠠᠮᠳᠠᠳᠤ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ | ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠣᠤᠯ ᠠᠮᠳᠠᠳᠤ | ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ | ᠪᠠᠶᠢᠭᠤᠯᠤᠯᠲᠠ ᠶᠢ ᠠᠬᠢᠭᠤᠯᠬᠤ ᠶᠢ ᠨᠠᠷᠠᠲᠤ ᠲᠥᠷᠥᠯ ᠲᠡᠮᠳᠡᠭᠲᠦ ᠪᠠᠷ ᠲᠠᠷᠢᠶᠠᠯᠠᠩ ᠢ ᠬᠦᠴᠦᠷᠬᠡᠭᠵᠢᠭᠦᠯᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠶᠡᠭᠡ | ᠠᠷᠭ᠎ᠠ ᠬᠡᠮᠵᠢᠶ᠎ᠡ ᠪᠣᠯᠭᠠᠵᠤ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ | ᠲᠠᠯ᠎ᠠ ᠳᠤ ᠣᠷᠣᠭᠤᠯᠤᠨ ᠲᠥᠯᠥᠪᠵᠢᠭᠦᠯᠦᠨ ᠪᠠᠶᠢᠷᠢᠯᠠᠭᠤᠯᠬᠤ ᠬᠡᠷᠡᠭᠲᠡᠶ᠃ ᠲᠣᠰ ᠭᠠᠵᠠᠷ ᠣᠷᠣᠨ ᠤ | ᠪᠣᠳᠠᠲᠠᠶ ᠲᠠᠢ ᠪᠠᠨ ᠤᠶᠠᠯᠳᠤᠭᠤᠯᠤᠨ᠂ ᠭᠠᠵᠠᠷ ᠣᠷᠣᠨ ᠤ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠢᠯᠡᠰ ᠤᠨ | ᠣᠨᠴᠠᠯᠢᠭ ᠢ ᠳᠣᠪᠤᠶᠢᠯᠭᠠᠨ᠂ ᠨᠠᠷᠠᠲᠤ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠠ | ᠬᠡᠷᠡᠭᠵᠢᠭᠦᠯᠬᠦ ᠲᠥᠰᠦᠯ ᠢ ᠲᠣᠭᠲᠠᠭᠠᠵᠤ᠂ ︽ᠣᠤᠯ ᠠᠮᠳᠠᠳᠤ ᠤᠯᠠᠭᠠᠨᠴᠠᠪ︾ ᠤᠨ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠵᠢᠯ ᠬᠤᠪᠢᠶᠠᠨ᠂ ᠲᠥᠯᠥᠪᠯᠡᠭᠡ ᠶᠣᠰᠣᠭᠠᠷ᠂ ᠠᠯᠬᠤᠮ | ᠳᠠᠷᠠᠭ᠎ᠠ ᠲᠠᠢ ᠪᠠᠷ ᠪᠤᠶᠢᠵᠢᠭᠤᠯᠤᠨ ᠬᠥᠭᠵᠢᠭᠦᠯᠵᠦ᠂ ︽ᠨᠥᠭᠡᠴᠡᠯᠡᠬᠦ᠂ ᠪᠤᠶᠢᠵᠢᠭᠤᠯᠬᠤ᠂ ᠪᠣᠶ ᠪᠣᠯᠭᠠᠬᠤ᠂ | ᠳᠡᠭᠡᠭᠰᠢᠯᠡᠭᠦᠯᠬᠦ︾ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠣᠶ ᠪᠣᠯᠭᠠᠬᠤ ᠬᠡᠷᠡᠭᠲᠡᠶ᠃ | ︵ᠭᠤᠷᠪᠠ︶ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ᠃ ᠬᠤᠲᠠ ᠰᠢᠶᠠᠨ ᠬᠤᠶᠠᠷ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠪᠣᠳᠠᠲᠠᠶ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ᠂ ᠨᠠᠷᠠᠲᠤ ᠲᠥᠷᠥᠯ | ᠲᠡᠮᠳᠡᠭᠲᠦ ᠶᠢᠨ ᠪᠠᠶᠢᠭᠤᠯᠤᠯᠲᠠ ᠶᠢᠨ ᠲᠤᠰᠬᠠᠶ ᠪᠠᠯᠠ ᠮᠥᠩᠭᠦ ᠶᠢ ᠪᠠᠶᠢᠭᠤᠯᠵᠤ᠂ ︽ᠤᠤᠯ ᠠᠮᠲᠠᠳᠤ ᠤᠯᠠᠭᠠᠨᠴᠠᠪ︾ | ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ | ᠠᠵᠢᠯ ᠢ ᠥᠷᠨᠢᠭᠦᠯᠬᠦ ᠳᠤ ᠬᠡᠷᠡᠭᠯᠡᠬᠦ ᠬᠡᠷᠡᠭᠲᠡᠶ︔ ᠡᠳ᠋ ᠤᠨ ᠵᠠᠰᠠᠭ ᠤᠨ ᠰᠠᠯᠠᠭ᠎ᠠ ᠮᠥᠴᠢᠷ ᠪᠠᠯᠠ ᠮᠥᠩᠭᠦ ᠪᠠᠷ ︽ | ᠤᠤᠯ ᠠᠮᠲᠠᠳᠤ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ | ᠲᠡᠮᠳᠡᠭᠲᠦ ᠶᠢᠨ ᠬᠥᠭᠵᠢᠯᠲᠡ ᠶᠢ ᠳᠡᠮᠵᠢᠬᠦ ᠶᠢ ᠨᠢᠭᠡᠳᠦᠯᠲᠡᠶ ᠲᠥᠯᠥᠪᠯᠡᠬᠦ ᠬᠡᠷᠡᠭᠲᠡᠢ︔ ᠡᠯ᠎ᠡ ᠬᠠᠮᠢᠶ᠎ᠠ ᠪᠥᠬᠦᠶ ᠨᠢᠭᠡᠴᠢ᠂ | ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ᠡᠯ᠎ᠡ ᠲᠥᠷᠥᠯ ᠤᠨ ᠲᠥᠷᠥᠯ ᠵᠦᠢᠯ ᠤᠨ ᠪᠠᠯᠠ ᠮᠥᠩᠭᠦ ᠶᠢ | ᠰᠠᠶᠢᠲᠤᠷ ᠠᠰᠢᠭᠯᠠᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ︽ | ᠤᠤᠯ ᠠᠮᠳᠠᠳᠤ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ | ᠲᠡᠮᠳᠡᠭᠲᠦ ᠶᠢᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ | ︵ᠳᠥᠷᠪᠡ︶᠂ ᠬᠢᠨᠠᠨ ᠬᠠᠮᠢᠶᠠᠷᠴᠤ ᠬᠠᠮᠠᠭᠠᠯᠠᠬᠤ ᠶᠢ ᠴᠢᠩᠳᠠᠯᠠᠨ᠎ᠠ᠃ ︽ᠣᠤᠯ ᠠᠮᠳᠠᠳᠤ ᠤᠯᠠᠭᠠᠨᠴᠠᠪ︾ ᠤᠨ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠳᠠᠭᠠᠭᠠᠴᠢᠯᠠᠯᠲᠠ ᠣᠯᠭᠤᠭᠰᠠᠨ | ︵ᠡᠷᠬᠡ︶ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠬᠢᠨᠠᠨ ᠬᠡᠮᠵᠢᠭᠰᠡᠨ ᠦᠷ᠎ᠡ ᠳ᠋ᠦᠩ ᠢ ᠮᠡᠳᠡᠭᠡᠯᠡᠬᠦ ᠲᠦᠷᠢᠮ ᠪᠠ ᠶᠠᠰᠤ ᠴᠢᠨᠠᠷ ᠤᠨ ᠦᠨᠡᠨᠴᠢ ᠢᠲᠡᠭᠡᠮᠵᠢ ᠶᠢᠨ | ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ︽ᠣᠤᠯ ᠠᠮᠳᠠᠳᠤ ᠤᠯᠠᠭᠠᠨᠴᠠᠪ︾ ᠤᠨ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠭᠰᠠᠨ ᠦᠢᠯᠡᠳᠬᠦᠨ ᠤ ᠶᠠᠰᠤ ᠴᠢᠨᠠᠷ ᠢ | ᠪᠠᠲᠤᠯᠠᠨ᠎ᠠ᠃ | | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |