ᠱᠠᠩᠳᠤ ᠰᠢᠶᠠᠨ ᠤ ︽110 ᠶᠢᠨ ᠬᠦᠢᠴᠡᠳᠬᠡᠯᠳᠡ︾ ᠬᠦᠴᠦᠨ ᠴᠢᠳᠠᠯ ᠢᠶᠠᠨ ᠢᠯᠡᠷᠡᠭᠦᠯᠵᠦ ᠬᠦᠢᠴᠡᠳᠬᠡᠬᠦ ᠴᠠᠭᠳᠠᠭᠠᠨ ᠤ ᠶᠠᠪᠤᠳᠠᠯ ᠤᠨ ︽ᠬᠤᠷᠳᠤᠴᠠ ᠶᠢ ᠲᠦᠷᠭᠡᠳᠭᠡᠬᠦ︾ ᠶᠢ ᠪᠡᠶᠡᠯᠡᠬᠦᠯᠪᠡ
ᠨᠡᠶᠢᠲᠡᠯᠡᠭᠰᠡᠨ ᠴᠠᠭ᠄
2024/5/8
     ᠱᠠᠩᠳᠤ ᠰᠢᠶᠠᠨ ︽ᠵᠠᠭᠤᠨ ᠡᠳᠦᠷ ᠤᠨ ᠪᠣᠭᠤᠮᠲᠠ ᠰᠢᠪᠲᠤᠯᠬᠤ · 2023︾᠂ ︽ᠲᠥᠮᠥᠰᠥᠨ ᠤ ᠲᠦᠪ ᠤᠨ ᠬᠠᠪᠤᠷ ᠤᠨ ᠠᠪᠠ ᠶᠢᠨ 2024︾ ᠵᠡᠷᠭᠡ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠳᠠᠮᠵᠢᠭᠤᠯᠤᠨ᠂ ᠢᠲᠡᠭᠡᠮᠵᠢ ᠶᠢᠨ ᠵᠠᠯᠬᠠᠭᠠᠨ ᠴᠡᠭᠡᠷᠯᠡᠭᠦᠯᠬᠦ᠂ ᠣᠯᠠᠨ ᠲᠠᠪᠴᠠᠩ ᠢᠶᠠᠷ ᠬᠠᠮᠵᠢᠯᠴᠠᠬᠤ᠂ ᠬᠠᠤᠯᠢ ᠴᠠᠭᠠᠵᠠ ᠶᠢᠨ ᠲᠦᠷ ᠬᠤᠷᠢᠬᠤ ᠠᠯᠪᠠᠲᠠᠨ ᠳᠠᠭᠤᠳᠠᠬᠤ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠬᠦᠢᠴᠡᠳᠬᠡᠯᠳᠡ ᠶᠢᠨ ᠰᠦᠷᠳᠡᠭᠦᠯᠬᠦ ᠡᠷᠴᠢᠮ ᠢᠶᠠᠨ ᠴᠢᠩᠭᠠᠷᠠᠭᠤᠯᠤᠨ᠂ ᠬᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠪᠡ᠃ ᠭᠦᠢᠴᠡᠳᠬᠡᠬᠦ ᠵᠢᠯᠣᠭᠤᠳᠬᠤ ᠲᠥᠪ ᠤᠨ ᠪᠣᠳᠠᠲᠤ ᠴᠣᠭᠴᠠᠵᠢᠭᠰᠠᠨ ᠠᠵᠢᠯᠯᠠᠭᠠᠨ ᠢ ᠭᠦᠨᠵᠡᠭᠡᠶᠢᠷᠡᠭᠦᠯᠦᠨ ᠠᠬᠢᠭᠤᠯᠬᠤ ᠶᠢ ᠴᠥᠬᠦᠷᠡᠰᠢ ᠦᠭᠡᠢ ᠠᠬᠢᠭᠤᠯᠵᠤ᠂ ᠭᠦᠢᠴᠡᠳᠬᠡᠬᠦ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠴᠥᠬᠦᠷᠡᠰᠢ ᠦᠭᠡᠢ ᠪᠠᠬᠢᠵᠢᠭᠦᠯᠵᠦ᠂ ᠬᠦᠢᠴᠡᠳᠬᠡᠬᠦ ᠴᠠᠭᠳᠠᠭᠠᠨ ᠤ ᠶᠠᠪᠤᠳᠠᠯ ᠤᠨ ᠦᠷᠭᠦᠯᠵᠢᠯᠡᠨ ᠪᠣᠳᠠᠲᠤ ᠦᠷ᠎ᠡ ᠪᠦᠲᠦᠮᠵᠢ ᠣᠯᠵᠤ᠂ ︽110 ᠶᠢᠨ ᠬᠦᠢᠴᠡᠳᠬᠡᠯᠳᠡ︾ ᠲᠦᠷᠦᠯ ᠲᠡᠮᠳᠡᠭ ᠤᠨ ᠦᠢᠯᠡᠳᠦᠯ ᠢ ᠪᠦᠷᠢᠯᠳᠦᠭᠦᠯᠪᠡ᠃    ᠡᠨᠡ ᠵᠢᠯ ᠤᠨ 4 ᠰᠠᠷ᠎ᠠ ᠶᠢᠨ ᠳᠤᠮᠳᠠᠴᠢ ᠪᠣᠯᠲᠠᠯ᠎ᠠ᠂ ︽110 ᠶᠢᠨ ᠬᠦᠢᠴᠡᠳᠬᠡᠯᠳᠡ︾ ᠶᠢᠨ ᠤᠲᠠᠰᠤ ᠶᠢ ᠨᠡᠶᠢᠲᠡ 320 ᠭᠠᠷᠤᠶ ᠤᠳᠠᠭ᠎ᠠ ᠲᠤᠰᠴᠤ᠂ 70 ᠭᠠᠷᠤᠶ ᠤᠳᠠᠭ᠎ᠠ ᠴᠠᠭᠳᠠᠭ᠎ᠠ ᠲᠣᠮᠢᠯᠠᠪᠠ︔ 70 ᠭᠠᠷᠤᠶ ᠭᠦᠢᠴᠡᠳᠬᠡᠭᠳᠡᠭᠴᠢ ᠳᠤ ᠲᠦᠷ ᠬᠤᠷᠢᠬᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠪᠠ︔ 4 ᠲᠡᠷᠭᠡ ᠶᠢ ᠪᠠᠶᠢᠴᠠᠭᠠᠨ ᠪᠢᠲᠡᠭᠦᠮᠵᠢᠯᠡᠵᠦ᠂ 40 ᠭᠠᠷᠤᠶ ᠡᠳ᠋ ᠪᠣᠳᠠᠰ ᠢ ᠪᠠᠶᠢᠴᠠᠭᠠᠨ ᠪᠢᠲᠡᠭᠦᠮᠵᠢᠯᠡᠪᠡ︔ 72 ᠭᠦᠢᠴᠡᠳᠬᠡᠭᠳᠡᠭᠴᠢ ᠨᠢ ᠲᠤᠬᠠᠶ ᠶᠢᠨ ᠲᠠᠯᠠᠪᠤᠷ ᠲᠤ ᠰᠢᠢᠳᠬᠡᠯ ᠢ ᠭᠦᠢᠴᠡᠳᠭᠡᠬᠦ ᠪᠤᠶᠤ ᠭᠤᠶᠤᠴᠢᠯᠠᠭᠴᠢ ᠲᠠᠢ ᠡᠶᠡᠳᠡᠵᠦ᠂ ᠭᠦᠢᠴᠡᠳᠬᠡᠭᠰᠡᠨ ᠵᠣᠭᠤᠰ ᠤᠨ ᠲᠤᠭ᠎ᠠ 6.43 ᠳ᠋ᠦᠩᠰᠢᠭᠤᠷ ᠲᠥᠭᠦᠷᠢᠭ ᠲᠤ ᠬᠦᠷᠴᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠭᠦᠢᠴᠡᠳᠬᠡᠬᠦ ᠴᠠᠭᠳᠠᠭᠠᠨ ᠤ ᠶᠠᠪᠤᠳᠠᠯ ᠤᠨ ︽ᠬᠤᠷᠳᠤᠴᠠ ᠶᠢ ᠲᠦᠷᠭᠡᠳᠭᠡᠬᠦ︾ ᠶᠢ ᠪᠡᠶᠡᠯᠡᠭᠦᠯᠪᠡ᠃                                  ᠤᠷᠴᠢᠭᠤᠯᠤᠭᠴᠢ᠄ ᠬᠦᠰᠡᠯ                                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2