︽5.1︾ ᠤ ᠠᠮᠠᠷᠠᠯᠲᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠤᠯᠤᠰ ᠤᠨ ᠳᠣᠲᠣᠭᠠᠳᠤ ᠶᠢᠨ ᠵᠤᠭᠠᠴᠠᠭᠰᠠᠳ ᠢ ᠨᠡᠶᠢᠲᠡ 1502 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ | ᠤᠯᠤᠰ ᠤᠨ ᠳᠣᠲᠣᠭᠠᠳᠤ ᠶᠢᠨ ᠵᠤᠭᠠᠴᠠᠭᠰᠠᠳ ᠤᠨ ᠶᠡᠷᠦᠩᠬᠡᠶ ᠬᠡᠷᠡᠭᠯᠡᠭᠡ ᠶᠢ 106 ᠳ᠋ᠦᠩᠰᠢᠭᠤᠷ ᠲᠥᠭᠦᠷᠢᠭ | ᠪᠡᠶᠡᠯᠡᠭᠦᠯᠪᠡ᠃ ᠡᠭᠦᠨ ᠳᠤ᠂ ᠤᠯᠠᠭᠠᠨᠴᠠᠪ ᠬᠤᠲᠠ ᠤᠯᠤᠰ ᠤᠨ ᠳᠣᠲᠣᠭᠠᠳᠤ ᠶᠢᠨ ᠵᠤᠭᠠᠴᠠᠭᠰᠠᠳ ᠢ ᠨᠡᠶᠢᠲᠡ 134. | 12 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ 2023 ᠣᠨ ᠤ ᠠᠳᠠᠯᠢ ᠬᠤᠭᠤᠴᠠᠭᠠᠨ ᠤ ᠬᠢ ᠠᠴᠠ 28. | 16% ᠪᠠᠷ ᠨᠡᠮᠡᠭᠳᠡᠨ᠂ ᠵᠤᠭᠠᠴᠠᠭᠰᠠᠳ ᠢ ᠭᠥᠯᠢᠶᠡᠨ ᠠᠪᠤᠭᠰᠠᠨ ᠶᠡᠷᠦᠩᠬᠡᠶ ᠬᠡᠷᠡᠭᠯᠡᠭᠡ 9.13 ᠳ᠋ᠦᠩᠰᠢᠭᠤᠷ | ᠲᠥᠭᠦᠷᠢᠭ ᠲᠤ ᠬᠦᠷᠴᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 43.78% ᠨᠡᠮᠡᠭᠳᠡᠪᠡ᠃ | ᠤᠯᠠᠭᠠᠨᠬᠠᠳᠠ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ᠂ ᠯᠢᠨ ᠬᠤᠤ ᠡᠷᠲᠡᠨ ᠤ ᠴᠠᠶᠢᠵᠠ ᠶᠢᠨ | ᠦᠵᠡᠮᠵᠢ ᠶᠢᠨ ᠣᠷᠣᠨ ᠲᠥᠪ ᠲᠧᠯᠸᠢᠰ ᠤᠨ ᠰᠣᠨᠢᠨ ᠮᠡᠳᠡᠭᠡᠨ ᠳᠤ ᠭᠠᠷᠴᠤ᠂ ︽5.1︾ ᠤ ᠠᠮᠠᠷᠠᠯᠲᠠ ᠶᠢᠨ | ᠬᠤᠭᠤᠴᠠᠭᠠᠨ ᠳᠠᠬᠢ ᠥᠪᠥᠷ ᠮᠣᠩᠭᠤᠯ ᠤᠨ ᠬᠥᠭᠵᠢᠶᠡᠨᠲᠦ ᠦᠵᠡᠮᠵᠢ ᠶᠢᠨ ᠣᠷᠣᠨ ᠪᠣᠯᠵᠣ᠂ ᠡᠳᠦᠷ ᠪᠦᠷᠢ | ᠳᠤᠮᠳᠠᠴᠢ ᠪᠠᠷ 4 ᠲᠦᠮᠡᠨ ᠬᠥᠮᠦᠨ ᠤᠳᠠᠭ᠎ᠠ ᠵᠤᠭᠠᠴᠠᠭᠰᠠᠳ ᠢ ᠭᠥᠯᠢᠶᠡᠨ ᠠᠪᠤᠪᠠ᠃ | ᠠᠷᠭ᠎ᠠ ᠰᠦᠪᠡᠭᠴᠢᠯᠡᠨ ᠪᠡᠯᠡᠳᠬᠡᠬᠦ ᠠᠴᠠ ᠵᠢᠭᠤᠯᠴᠢᠯᠠᠯ ᠤᠨ ᠲᠠᠨᠢᠯᠴᠠᠭᠤᠯᠭ᠎ᠠ ᠬᠦᠷᠲᠡᠯ᠎ᠡ᠂ ᠭᠠᠳᠠᠭᠰᠢ | ᠭᠠᠷᠬᠤ ᠠᠴᠠ ᠦᠵᠡᠮᠵᠢ ᠶᠢᠨ ᠣᠷᠣᠨ ᠤ ᠠᠵᠢᠯᠯᠠᠭ᠎ᠠ ᠬᠦᠷᠲᠡᠯ᠎ᠡ ᠤᠯᠠᠭᠠᠨᠴᠠᠪ ᠬᠤᠲᠠ ︽ᠥᠪᠥᠷ ᠮᠣᠩᠭᠤᠯ ᠤᠨ | ᠬᠠᠪᠤᠷ ᠤᠨ ᠤᠷᠢᠯᠭ᠎ᠠ︾ ᠶᠢᠨ ᠭᠤᠤᠯ ᠰᠡᠳᠦᠪ ᠤᠨ ᠲᠣᠭᠤᠷᠢᠨ ᠳᠤ ᠨᠠᠷᠢᠨ ᠨᠢᠮᠪᠠᠶ ᠲᠦᠰᠦᠪᠯᠡᠵᠦ᠂ ︽5.1︾ ᠤ | ᠠᠮᠠᠷᠠᠯᠲᠠ ᠶᠢᠨ ᠬᠤᠭᠤᠴᠠᠭᠠᠨ ᠳᠤ ᠥᠪᠡᠷ ᠢᠶᠠᠨ ᠲᠡᠷᠭᠡ ᠵᠢᠯᠣᠭᠤᠳᠤᠨ ᠵᠤᠭᠠᠴᠠᠬᠤ ᠰᠣᠳᠣᠨ ᠵᠠᠮ ᠱᠤᠭᠤᠮ᠂ ︽ | ᠲᠠᠪᠤᠨ ᠰᠠᠷ᠎ᠠ ᠶᠢᠨ ᠨᠢᠭᠡᠨ ᠢ ᠪᠠᠶᠠᠷᠯᠠᠨ ᠪᠡᠯᠭᠡᠯᠡᠬᠦ᠂ ᠤᠯᠠᠭᠠᠨᠴᠠᠪ ᠢᠶᠠᠷ ᠵᠤᠭᠠᠴᠠᠬᠤ︾ ᠵᠡᠷᠭᠡ 40 ᠭᠠᠷᠤᠢ ᠵᠦᠢᠯ ᠤᠨ | ᠭᠤᠶᠢᠳᠠ ᠰᠠᠶᠢᠬᠠᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠵᠠᠮ ᠱᠤᠭᠤᠮ ᠢ ᠭᠠᠷᠭᠠᠪᠠ᠃ | ᠡᠯ᠎ᠡ ᠲᠣᠮᠣ ᠦᠵᠡᠮᠵᠢ ᠶᠢᠨ ᠣᠷᠣᠨ ᠵᠢᠭᠤᠯᠴᠢᠯᠠᠯᠠᠶᠠᠯᠠᠯ ᠤᠨ ᠵᠦᠭᠯᠡᠭᠦᠷ ᠭᠠᠷᠭᠠᠵᠤ᠂ ᠤᠯᠠᠭᠠᠨᠴᠠᠪ ᠤᠨ ᠯᠢᠨ | ᠬᠤᠤ ᠡᠷᠲᠡᠨ ᠤ ᠴᠠᠶᠢᠵᠠ ᠶᠢᠨ ᠦᠵᠡᠮᠵᠢ ᠶᠢᠨ ᠣᠷᠣᠨ ᠠᠩᠬᠠᠳᠤᠭᠠᠷ ᠬᠤᠭᠤᠴᠠᠭᠠᠨ ᠤ ᠲᠤᠭᠤᠷ ᠤᠨ ᠴᠡᠴᠡᠭ ᠤᠨ | ᠨᠠᠶᠢᠷ ᠂ ᠤᠯᠠᠭᠠᠨᠴᠠᠪ ᠤᠨ ᠲᠠᠯ᠎ᠠ ᠨᠤᠲᠤᠭ ᠤᠨ ᠭᠠᠯᠲᠤ ᠠᠭᠤᠯᠠ ᠶᠢᠨ ᠦᠵᠡᠮᠵᠢ ᠶᠢᠨ ᠣᠷᠣᠨ ︽ᠤᠯᠠᠭᠠᠨᠴᠠᠪ ᠤᠨ | ᠭᠠᠯᠲᠤ ᠠᠭᠤᠯᠠ ᠶᠢ ᠦᠵᠡᠵᠦ᠂ ᠣᠳᠣᠨ ᠣᠭᠲᠠᠷᠭᠤᠢ ᠶᠢ ᠪᠠᠷᠠᠯᠠᠬᠤ︾᠂ ᠬᠦᠢᠳᠡᠨᠰᠢᠯᠢ ᠶᠢᠨ ᠵᠢᠭᠤᠯᠴᠢᠯᠠᠯ ᠤᠨ | ᠣᠷᠣᠨ ︽ᠬᠤᠩᠬᠤᠷ ᠤᠨ ᠭᠤᠤ ᠶᠢᠨ ᠲᠠᠪᠤᠨ ᠰᠠᠷ᠎ᠠ ᠶᠢᠨ ᠨᠢᠭᠡᠨ ᠤ ᠵᠢᠭᠤᠯᠴᠢᠯᠠᠯ︾ ᠮᠡᠲᠦ ᠶᠢᠨ ᠰᠢᠷᠢᠰ | ᠠᠵᠢᠯᠯᠠᠭ᠎ᠠ ᠦᠷᠨᠢᠬᠦᠯᠦᠭᠰᠡᠨ ᠨᠢ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠢ ᠬᠦᠴᠦᠲᠡᠶ ᠠᠬᠢᠭᠤᠯᠪᠠ᠃ | 5 ᠰᠠᠷ᠎ᠠ ᠶᠢᠨ 1 ᠤ ᠡᠳᠦᠷ᠂ ᠤᠯᠠᠭᠠᠨᠴᠠᠪ ᠬᠤᠲᠠ ᠨᠢ ᠬᠤᠲᠠ ᠶᠢᠨ ᠳᠤᠳᠤᠭᠠᠳᠤᠬᠢ ︵ᠵᠢᠭᠤᠯᠴᠢᠯᠠᠬᠤ︶ | ᠨᠡᠶᠢᠲᠡ ᠶᠢᠨ ᠮᠠᠰᠢᠨ ᠲᠡᠷᠭᠡ ᠶᠢ ᠭᠤᠷᠪᠠᠨ ᠵᠤᠷᠪᠤᠰ ᠨᠡᠪᠲᠡᠷᠡᠭᠦᠯᠵᠦ᠂ ᠵᠤᠭᠠᠴᠠᠭᠰᠠᠳ ᠥᠨᠳᠥᠷ ᠬᠤᠷᠳᠤᠴᠠᠲᠤ | ᠲᠡᠮᠦᠷ ᠵᠠᠮ ᠤᠨ ᠦᠷᠳᠡᠭᠡ ᠳᠤ ᠬᠦᠷᠴᠦ ᠲᠡᠷᠭᠡᠨ ᠳᠤ ᠰᠠᠭᠤᠵᠤ᠂ ᠤᠯᠠᠭᠠᠨᠴᠠᠪ ᠤᠨ ᠲᠠᠯ᠎ᠠ ᠨᠤᠲᠤᠭ ᠤᠨ ᠭᠠᠯᠲᠤ | ᠠᠭᠤᠯᠠ᠂ ᠬᠦᠢᠲᠡᠨᠰᠢᠯᠢ ᠶᠢᠨ ᠬᠤᠩᠬᠤᠷ ᠤᠨ ᠭᠤᠤ᠂ ᠯᠢᠨ ᠬᠤᠤ ᠡᠷᠲᠡᠨ ᠤ ᠴᠠᠶᠢᠵᠠ ᠪᠠᠷ ᠵᠤᠭᠠᠴᠠᠵᠤ᠂ ︽ᠨᠢᠭᠡ | ᠥᠷᠲᠡᠭᠡ ᠮᠠᠶ᠋ᠢᠭ︾ ᠢᠶᠠᠷ ᠦᠵᠡᠮᠵᠢ ᠶᠢᠨ ᠴᠡᠭ ᠲᠤ ᠬᠦᠷᠴᠦ ᠪᠤᠯᠬᠤ ᠪᠤᠯᠤᠭᠰᠠᠨ ᠪᠠᠶᠢᠨ᠎ᠠ᠃ | ︽5.1︾ ᠤ ᠠᠮᠠᠷᠠᠯᠳᠠ ᠶᠢᠨ ᠡᠳᠦᠷ ᠠᠴᠠ ᠡᠮᠦᠨᠡᠬᠡᠨ᠂ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ ᠤᠨ ᠲᠣᠪᠴᠢᠶ᠎ᠠ ᠦᠨᠳᠦᠷ ᠬᠤᠷᠲᠤᠴᠠᠲᠤ ᠲᠡᠮᠦᠷ ᠵᠠᠮ ᠤᠨ ᠥᠷᠲᠡᠭᠡᠨ ᠤ ᠡᠮᠦᠨ᠎ᠡ ᠵᠤᠭᠠᠴᠠᠭᠰᠠᠳ | ᠵᠢᠴᠢ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠳᠤ ᠤᠯᠠᠭᠠᠨᠴᠠᠪ ᠤᠨ ᠰᠣᠶᠣᠯ ᠵᠢᠭᠤᠯᠴᠢᠯᠠᠯ ᠤᠨ ᠭᠠᠵᠠᠷ ᠤᠨ | ᠵᠢᠷᠤᠭ ᠢ ᠲᠠᠷᠬᠠᠭᠠᠵᠤ᠂ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠤᠬᠠᠭᠤᠯᠤᠨ ᠳᠡᠯᠭᠡᠷᠡᠭᠦᠯᠬᠦ | ᠤᠨᠴᠠᠯᠢᠭ ᠢ ᠠᠰᠢᠭᠯᠠᠨ᠂ ᠭᠠᠯᠳᠤ ᠠᠭᠤᠯᠠᠨ ᠳᠤ ᠢᠷᠡᠭᠰᠡᠨ ᠵᠤᠭᠠᠴᠠᠭᠰᠠᠳ ᠲᠤ ᠤᠯᠠᠭᠠᠨᠴᠠᠪ ᠤᠨ ᠭᠤᠶᠢᠳᠠ | ᠰᠠᠶᠢᠬᠠᠨ ᠦᠵᠡᠮᠵᠢ ᠶᠢ ᠰᠢᠭᠤᠳ ᠣᠶᠢᠯᠠᠭᠠᠭᠤᠯᠵᠤ᠂ ᠵᠤᠭᠠᠴᠠᠭᠰᠠᠳ ᠤᠨ ᠵᠢᠭᠤᠯᠴᠢᠯᠠᠯ ᠤᠨ ᠵᠠᠮ ᠱᠤᠭᠤᠮ ᠪᠠ | ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠢ ᠰᠣᠩᠭᠤᠬᠤ ᠳᠤ ᠳᠥᠭᠦᠮ ᠦᠵᠡᠬᠦᠯᠦᠭᠰᠡᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠤᠯᠠᠭᠠᠨᠴᠠᠪ ᠬᠤᠲᠠ ︽5 · 1︾ ᠤ ᠵᠢᠭᠤᠯᠴᠢᠯᠠᠯ ᠤᠨ ᠬᠠᠯᠠᠭᠤᠷᠠᠯ ᠢ | ᠠᠰᠢᠭᠯᠠᠨ᠂ ᠵᠢᠭᠤᠯᠴᠢᠯᠠᠯ ᠤᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠰᠠᠶᠢᠲᠤᠷ ᠨᠠᠶᠢᠳᠠᠪᠤᠷᠢᠵᠢᠭᠤᠯᠵᠤ᠂ | ︽ᠳᠥᠷᠪᠡᠨ ᠭᠠᠵᠠᠷ︾ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠵᠢᠭᠤᠯᠴᠢᠯᠠᠯ ᠤᠨ ᠠᠮᠢᠵᠢᠷᠠᠯ ᠤᠨ | ᠬᠦᠴᠦᠨ ᠢ ᠭᠦᠢᠴᠡᠳ ᠪᠠᠳᠠᠷᠠᠭᠤᠯᠵᠤ᠂ ︽ᠪᠡᠭᠡᠵᠢᠩ ᠠᠴᠠ ᠪᠠᠷᠠᠭᠤᠨᠰᠢ ᠨᠢᠭᠡ ᠠᠯᠬᠤᠪᠠᠯ ᠳᠠᠷᠤᠶ ᠤᠯᠠᠭᠠᠨᠴᠠᠪ᠂ | ᠳᠥᠷᠪᠡᠨ ᠤᠯᠠᠷᠢᠯ ᠤᠨ ᠵᠢᠭᠤᠯᠴᠢᠯᠠᠯ ᠤᠨ ᠰᠠᠶᠢᠬᠠᠨ ᠭᠠᠵᠠᠷ︾ ᠤᠨ ᠨᠠᠷᠠᠲᠤ ᠲᠡᠮᠳᠡᠭ ᠢ ᠤᠬᠠᠭᠤᠯᠤᠨ ᠳᠡᠯᠭᠡᠷᠡᠬᠦᠯᠵᠦ᠂ | ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | | | | | |