ᠯᠢᠶᠠᠩᠴᠧᠩ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠤᠶᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠫᠠᠶᠢᠰᠠ ᠡᠯᠭᠦᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/5/9
           ᠯᠢᠶᠠᠩᠴᠧᠩ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠡᠷ᠎ᠡ ᠶᠢ ᠬᠠᠯᠠᠵᠤ ᠫᠠᠶᠢᠰᠠ ᠡᠯᠭᠦᠬᠦ ᠪᠣᠯ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠰᠠᠭᠤᠷᠢᠯᠠᠨ᠂ ᠲᠣᠭᠠᠴᠢᠯᠠᠭᠰᠠᠨ ᠯᠢᠶᠠᠩᠴᠧᠩ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃ ᠰᠢᠨ᠎ᠡ ᠪᠠᠶᠢᠭᠤᠯᠤᠮᠵᠢ ᠶᠢᠨ ᠪᠠᠶᠢᠭᠤᠯᠤᠭᠳᠠᠭᠰᠠᠨ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠡᠮᠬᠢᠯᠡᠨ ᠨᠡᠶᠢᠯᠡᠭᠦᠯᠬᠦ᠂ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠳᠤᠭᠳᠠᠴᠠ ᠶᠢ ᠰᠢᠯᠢᠳᠡᠭᠵᠢᠭᠦᠯᠬᠦ᠂ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠬᠦ ᠪᠠ ᠨᠡᠭᠡᠭᠡᠨ ᠠᠰᠢᠭᠯᠠᠬᠤ ᠶᠢ ᠨᠢᠭᠡᠳᠦᠯᠲᠡᠶ ᠲᠥᠯᠥᠪᠯᠡᠨ᠂ ᠲᠣᠭᠠᠴᠢᠯᠠᠭᠰᠠᠨ ᠵᠠᠰᠠᠭ ᠤᠨ ᠣᠷᠳᠣᠨ᠂ ᠲᠣᠭᠠᠴᠢᠯᠠᠭᠰᠠᠨ ᠠᠵᠤ ᠠᠬᠤᠶ᠂ ᠲᠣᠭᠠᠴᠢᠯᠠᠭᠰᠠᠨ ᠨᠡᠶᠢᠭᠡᠮ ᠤᠨ ᠲᠥᠯᠥᠪᠵᠢᠭᠦᠯᠭᠡ ᠪᠠ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠳᠤ ᠲᠦᠢᠯ ᠤᠨ ᠴᠢᠬᠤᠯᠠ ᠠᠬᠢᠭᠤᠯᠬᠤ ᠦᠢᠯᠡᠳᠦᠯ ᠦᠵᠡᠭᠦᠯᠬᠦ ᠶᠢᠨ ᠬᠠᠮᠲᠤ ᠯᠢᠶᠠᠩᠴᠧᠩ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠳᠥᠯᠭᠢᠨ ᠠᠬᠢᠭᠤᠯᠵᠤ᠂ ᠯᠢᠶᠠᠩᠴᠧᠩ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠣᠯᠤᠨ᠎ᠠ᠃                            ᠤᠷᠴᠢᠭᠤᠯᠤᠭᠴᠢ᠄ ᠬᠦᠰᠡᠯ                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2