6 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ | ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ | ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠦᠷᠢᠮ ︵ᠵᠠᠰᠠᠪᠤᠷᠢ ᠣᠷᠣᠭᠤᠯᠤᠭᠰᠠᠨ | ᠬᠡᠪᠯᠡᠯ︶︾᠂ ︽2024 ᠣᠨ ᠤ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ︵ᠲᠥᠰᠦᠯ︶︾᠂ ︽ᠤᠯᠠᠭᠠᠨᠴᠠᠪ | ᠬᠤᠲᠠ ᠶᠢᠨ ᠬᠦᠢᠲᠡᠨᠰᠢᠯᠢ ᠶᠢᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ ︵ᠵᠠᠰᠠᠪᠤᠷᠢ ᠣᠷᠣᠭᠤᠯᠤᠭᠰᠠᠨ | ᠲᠥᠰᠦᠯ︶︾ ᠵᠡᠷᠭᠡ ᠶᠢ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ | ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ | ᠲᠣᠭᠤᠷᠢᠨ ᠳᠤ ᠲᠥᠯᠥᠪᠵᠢᠭᠦᠯᠦᠨ ᠪᠠᠶᠢᠷᠢᠰᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ᠃ ᠳᠡᠭᠡᠳᠦ ᠱᠠᠲᠤᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ | ᠲᠣᠭᠲᠠᠭᠠᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠤᠯᠠᠨ ᠨᠡᠶᠢᠲᠡ ᠪᠠᠷ ᠢᠶᠠᠨ ᠣᠷᠣᠯᠴᠠᠬᠤ᠂ | ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ | ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠭᠤᠣᠯᠳᠠᠯᠭ᠎ᠠ ᠲᠠᠢ ᠭᠤᠭᠴᠤᠭ᠎ᠠ ᠶᠢ | ᠰᠠᠶᠢᠲᠤᠷ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ | ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ | ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠪᠠ ᠡᠯ᠎ᠡ ᠰᠠᠯᠠᠭ᠎ᠠ ᠮᠥᠴᠢᠷ ᠤᠳ ︽ | ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠦᠷᠢᠮ︾ ᠳᠤ ᠵᠠᠰᠠᠪᠤᠷᠢ | ᠣᠷᠣᠭᠤᠯᠬᠤ ᠶᠢᠨ ᠴᠢᠬᠤᠯᠠ ᠴᠢᠨᠠᠷ ᠪᠠ ᠵᠠᠶᠢᠯᠠᠰᠢ ᠥᠬᠡᠶ ᠴᠢᠨᠠᠷ ᠢ ᠭᠦᠨᠵᠡᠭᠡᠶ ᠲᠠᠨᠢᠵᠤ᠂ ᠲᠦᠷᠢᠮ ᠢ ᠴᠢᠩᠭ᠎ᠠ | ᠵᠢᠷᠤᠮᠯᠠᠨ ᠠᠵᠢᠯᠯᠠᠵᠤ᠂ ᠶᠣᠰᠣ ᠲᠦᠷᠢᠮ ᠶᠣᠰᠣᠭᠠᠷ ᠠᠵᠢᠯᠯᠠᠵᠤ᠂ ᠵᠠᠰᠠᠭ ᠤᠨ ᠣᠷᠳᠣᠨ ᠤ ᠠᠵᠢᠯ ᠤᠨ ᠴᠢᠩᠭ᠎ᠠ | ᠨᠢᠮᠪᠠᠶ᠂ ᠪᠣᠳᠠᠲᠠᠶ ᠶᠢ ᠡᠷᠬᠢᠮᠯᠡᠭᠰᠡᠨ᠂ ᠥᠨᠳᠥᠷ ᠪᠦᠲᠦᠮᠵᠢᠲᠡᠶ ᠠᠵᠢᠯᠯᠠᠭᠠᠨ ᠢ ᠠᠬᠢᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |