ᠤᠯᠠᠭᠠᠨᠴᠠᠪ ᠤᠨ ᠰᠥᠨᠢ ᠵᠡᠬᠡᠯᠢ ᠨᠡᠭᠡᠭᠡᠵᠦ ᠵᠣᠴᠢᠨ ᠤᠭᠲᠤᠪᠡ
ᠨᠡᠶᠢᠲᠡᠯᠡᠭᠰᠡᠨ ᠴᠠᠭ᠄
2024/6/11
    6 ᠰᠠᠷ᠎ᠠ ᠶᠢᠨ 8 ᠤ ᠡᠳᠦᠷ᠂ ᠤᠯᠠᠭᠠᠨᠴᠠᠪ ᠤᠨ ᠰᠥᠨᠢ ᠵᠡᠭᠡᠯᠢ ᠨᠡᠭᠡᠭᠡᠵᠦ ᠵᠣᠴᠢᠨ ᠤᠭᠲᠤᠪᠠ᠃                     ᠸᠠᠩ ᠵᠢᠶᠦ᠋ᠠ ᠫᠢᠩ ᠰᠠᠭᠦᠲᠠᠷᠯᠠᠪᠠ      6 ᠰᠠᠷ᠎ᠠ ᠶᠢᠨ 8 ᠤ ᠡᠳᠦᠷ᠂ ᠤᠯᠠᠭᠠᠨᠴᠠᠪ ᠤᠨ ᠰᠥᠨᠢ ᠵᠡᠭᠡᠯᠢ ᠨᠡᠬᠡᠬᠡᠵᠤ ᠵᠣᠴᠢᠳ ᠢ ᠤᠭᠲᠤᠵᠤ᠂ ᠲᠤᠬᠠᠶ ᠶᠢᠨ ᠲᠠᠯᠠᠪᠠᠶ ᠳᠤ ᠣᠴᠢ ᠭᠢᠯᠠᠯᠵᠠᠨ᠂ ᠳ᠋ᠧᠩ ᠤᠨ ᠬᠡᠷᠡᠯ ᠳᠤᠸᠠᠯᠠᠵᠤ᠂ ᠬᠥᠮᠦᠨ ᠤ ᠤᠷᠤᠰᠬᠠᠯ ᠰᠦᠯᠵᠢᠭᠰᠡᠨ ᠪᠠᠶᠢᠨ᠎ᠠ᠃    ᠵᠡᠭᠡᠯᠢ ᠨᠡᠭᠡᠭᠡᠬᠦ ᠶᠣᠰᠣᠯᠠᠯ ᠰᠦᠷ ᠳᠠᠯᠠᠶᠢᠴᠠᠲᠠᠢ ᠶᠠᠪᠤᠭᠳᠠᠵᠤ᠂ ᠬᠤᠶᠠᠭᠲᠤ ᠮᠣᠷᠢᠲᠤ ᠴᠡᠷᠢᠭ᠂ ᠬᠥᠭᠵᠢᠶᠡᠨ ᠨᠠᠷᠭᠢᠶᠠᠨᠲᠤ ᠪᠥᠵᠢᠭ᠂ ᠥᠩᠭᠡ ᠢᠯᠭᠠᠷᠠᠭᠰᠠᠨ ᠬᠤᠸᠠᠷ ᠫᠤᠤᠵᠢᠩ ᠢᠶᠠᠷ ᠤᠯᠠᠭᠠᠨᠴᠠᠪ ᠤᠨ ᠬᠠᠯᠠᠭᠤᠨ ᠵᠤᠴᠢᠨᠰᠠᠭ ᠢ ᠳᠡᠯᠭᠡᠨ ᠦᠵᠡᠭᠦᠯᠪᠡ᠃ ᠭᠤᠶᠢᠳᠠ ᠰᠠᠶᠢᠬᠠᠨ ᠲᠣᠭᠯᠠᠯᠲᠠ᠂ ᠰᠡᠳᠬᠢᠯ ᠵᠢᠷᠦᠬᠡ ᠶᠢ ᠳᠣᠭᠳᠣᠯᠤᠭᠤᠯᠤᠮ᠎ᠠ ᠳᠦᠷᠰᠦ ᠪᠦᠲᠦᠭᠡᠯᠲᠡ᠂ ᠢᠳᠡᠷᠡᠭᠦᠨ ᠳᠣᠷᠪᠢᠲᠠᠶ ᠤᠭᠲᠤᠬᠤ ᠦᠭᠡ ᠶᠠᠷᠢᠶ᠎ᠠ ᠨᠢ ᠪᠥᠬᠦ ᠤᠯᠤᠰ ᠤᠨ ᠡᠯ᠎ᠡ ᠭᠠᠵᠠᠷ ᠤᠨ ᠵᠢᠭᠤᠯᠴᠢᠯᠠᠭᠴᠢᠳ ᠲᠤ ︽ᠤᠯᠠᠭᠠᠨᠴᠠᠪ ᠲᠠᠨ ᠢ ᠪᠠᠶᠠᠷᠯᠠᠨ ᠤᠭᠲᠤᠵᠤ ᠪᠠᠶᠢᠨ᠎ᠠ︕︾ ᠭᠡᠳᠡᠭ ᠢ ᠦᠨᠡᠨ ᠬᠦ ᠮᠡᠳᠡᠷᠡᠭᠦᠯᠪᠡ᠃                         ᠵᠤᠬᠢᠶᠠᠭᠴᠢ᠄ ᠯᠢ ᠵᠢᠩ                         ᠤᠷᠴᠢᠭᠤᠯᠤᠭᠴᠢ᠄ ᠬᠦᠰᠡᠯ                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠤᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2