ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/13
    6 ᠰᠠᠷ᠎ᠠ ᠶᠢᠨ 12 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢ ᠹᠸᠢ ᠶᠦᠨ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ 5 ᠰᠠᠷ᠎ᠠ ᠶᠢᠨ 27 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠵᠢᠴᠢ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠴᠢᠨ ᠲᠠᠶᠢᠯᠤᠮᠵᠢ︾ ᠶᠢᠨ ᠪᠦᠯᠦᠭ ᠬᠡᠰᠡᠭ ᠢ ᠤᠯᠠᠮᠵᠢᠯᠠᠨ ᠰᠤᠷᠤᠯᠴᠠᠵᠤ᠂ ᠬᠤᠳᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠤ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠨᠡᠩ ᠥᠨᠳᠥᠷ ᠵᠣᠭᠰᠣᠴᠠ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠴᠢᠩᠭ᠎ᠠ ᠡᠭᠦᠷᠭᠡᠯᠡᠯ ᠢᠶᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠠᠬᠢᠭᠤᠯᠬᠤ ᠬᠡᠷᠡᠭᠲᠡᠢ᠃ ᠡᠬᠢ ᠪᠠᠶᠠᠯᠢᠭ ᠤᠨ ᠳᠠᠪᠠᠭᠤᠯᠢᠭ ᠪᠣᠯᠤᠨ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠰᠣᠶᠣᠯ ᠵᠢᠭᠤᠯᠴᠢᠯᠠᠯ ᠵᠡᠷᠭᠡ ᠤᠨᠴᠠᠯᠢᠬᠳᠤ ᠳᠠᠪᠠᠭᠤᠯᠢᠭ ᠠᠵᠤ ᠦᠢᠯᠡᠰ ᠢ ᠲᠦᠷᠭᠡᠨ ᠪᠤᠵᠠᠭᠠᠶᠢᠷᠠᠭᠤᠯᠵᠤ᠂ ᠲᠤᠮᠤ ᠳ᠋ᠠᠶᠢᠲ᠋ᠠ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠬᠡᠪᠡᠷ ᠬᠥᠭᠵᠢᠭᠦᠯᠬᠦ ᠬᠡᠷᠡᠭᠲᠡᠢ᠃ ᠠᠭᠤᠷᠬᠠᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠢ ᠬᠡᠷᠡᠭᠵᠢᠭᠦᠯᠵᠦ᠂ ᠭᠤᠣᠯ ᠮᠥᠷᠡᠨ ᠨᠠᠭᠤᠷ ᠪᠦᠷᠢᠳᠦ ᠨᠤᠭᠤ ᠭᠠᠵᠠᠷ ᠤᠨ ᠰᠠᠪᠠ ᠭᠠᠵᠠᠷ ᠤᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠭᠠᠳᠠᠭᠠᠳᠤ ᠭᠠᠷᠭᠠᠯᠲᠠ ᠶᠢᠨ ᠠᠵᠤ ᠦᠢᠯᠡᠰ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠪᠠᠨ ᠥᠷᠭᠡᠳᠬᠡᠨ᠂ ᠭᠠᠳᠠᠭᠠᠳᠤ ᠨᠡᠭᠡᠭᠡᠯᠲᠡ ᠶᠢᠨ ᠬᠢᠷᠢ ᠬᠡᠮᠵᠢᠶ᠎ᠡ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠬᠥᠳᠡᠭᠡ ᠲᠣᠰᠬᠤᠨ ᠤ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ ︽ᠲᠦᠷᠭᠡᠨ ᠢᠯᠡᠭᠡᠯᠲᠡ ᠶᠢ ᠲᠣᠰᠬᠤᠨ ᠳᠤ ᠣᠷᠣᠭᠤᠯᠬᠤ︾ ᠶᠢ ᠪᠦᠬᠦᠨ ᠢ ᠪᠦᠷᠬᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ‌ᠦᠷ᠎ᠡ ᠪᠦᠲᠦᠭᠡᠯ ᠢ ᠪᠦᠲᠦᠮᠵᠢᠲᠡᠢ ᠪᠠᠬᠢᠵᠢᠭᠦᠯᠦᠨ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠰᠠᠶᠢᠲᠤᠷ ᠬᠠᠮᠢᠶᠠᠷᠤᠨ ᠰᠠᠬᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠡᠷᠡᠰ ᠰᠠᠶᠢᠲᠤᠷ ᠬᠢᠬᠦ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠲᠠᠰᠤᠷᠠᠯᠲᠠ ᠦᠭᠡᠢ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                 ᠣᠷᠴᠢᠭᠤᠯᠤᠭᠴᠢ᠄ ᠭᠤᠸ᠎ᠠ                                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2