ᠹᠧᠩᠵᠧᠨ ᠬᠤᠲᠠ ︽ᠳᠤᠯᠠᠭᠠᠯᠠᠬᠤ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠪᠠ
ᠨᠡᠶᠢᠲᠡᠯᠡᠭᠰᠡᠨ ᠴᠠᠭ᠄
2024/6/14
       ᠡᠨᠡ ᠵᠢᠯ᠂ ᠮᠠᠨ ᠤ ᠬᠤᠲᠠ 7758 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ 29 ᠺᠢᠯᠣᠮᠧᠲᠷ ᠠᠰᠠᠭᠤᠳᠠᠯ ᠲᠠᠢ ᠬᠤᠭᠤᠯᠠᠶ ᠶᠢ ᠥᠭᠡᠷᠡᠴᠢᠯᠡᠵᠦ᠂ ᠢᠯᠴᠢ ᠬᠠᠩᠭᠠᠬᠤ ᠬᠤᠭᠤᠯᠠᠶ ᠶᠢᠨ ᠲᠣᠤᠷ ᠢ ᠰᠢᠨ᠎ᠡ ᠪᠠᠷ ᠪᠠᠶᠢᠭᠤᠯᠵᠤ᠂ ᠬᠠᠭᠤᠴᠢᠨ ᠲᠣᠭᠤᠷᠢᠭ ᠤᠨ ᠨᠢᠭᠡ ᠲᠣᠤᠷ ᠤᠨ ᠬᠠᠮ ᠱᠤᠭᠤᠮ ᠤᠨ ᠬᠤᠯᠪᠣᠯᠳᠤᠨ ᠨᠡᠪᠲᠡᠷᠡᠯᠴᠡᠬᠦ ᠶᠢ 1.38 ᠺᠢᠯᠣᠮᠧᠲᠷ ᠪᠡᠶᠡᠯᠡᠭᠦᠯᠵᠦ᠂ ᠢᠯᠴᠢ ᠰᠣᠯᠢᠯᠴᠠᠬᠤ ᠥᠷᠲᠡᠭᠡ ᠶᠢ 6 ᠰᠢᠨ᠎ᠡ ᠪᠠᠷ ᠪᠠᠶᠢᠭᠤᠯᠤᠨ ᠦᠬᠡᠷᠡᠴᠢᠯᠡᠨ ᠪᠠᠶᠢᠭᠤᠯᠵᠤ᠂ ᠬᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ 400 ᠡᠷᠦᠬᠡ ᠬᠢᠨᠠᠨ ᠬᠡᠮᠵᠢᠵᠦ᠂ ᠬᠡᠰᠡᠭ ᠨᠢᠭᠡ ᠲᠣᠤᠷ ᠵᠢᠴᠢ ᠰᠠᠯᠪᠤᠷᠢ ᠱᠤᠭᠤᠮ ᠤᠨ ᠪᠥᠮᠪᠥᠭᠡᠨ ᠨᠡᠭᠡᠯᠡᠬᠡᠶ ᠨᠡᠮᠡᠵᠦ ᠤᠭᠰᠠᠷᠠᠨ᠂ ᠰᠣᠯᠢᠪᠠ᠃ 6 ᠰᠠᠷ᠎ᠠ ᠶᠢᠨ 12 ᠤᠨ ᠡᠳᠦᠷ ᠪᠣᠯᠲᠠᠯ᠎ᠠ᠂ ᠲᠣᠰ ᠬᠤᠲᠠ ᠨᠢᠭᠡᠨᠲᠡ 554 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 8 ᠲᠥᠷᠥᠯ ᠵᠦᠢᠯ᠂ 20 ᠲᠥᠷᠥᠯ ᠵᠦᠢᠯ ᠤᠨ ᠪᠠᠷᠢᠯᠭ᠎ᠠ ᠶᠢ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ 71.4% ᠪᠣᠯᠪᠠ᠃ ᠦᠯᠡᠳᠡᠭᠰᠡᠨ 1 ᠲᠥᠷᠥᠯ ᠵᠦᠢᠯ᠂ 8 ᠲᠥᠷᠥᠯ ᠵᠦᠢᠯ ᠤᠨ ᠪᠠᠷᠢᠯᠭ᠎ᠠ ᠶᠢ 6 ᠰᠠᠷ᠎ᠠ ᠳᠤ ᠵᠠᠯᠭᠠᠭ᠎ᠠ ᠪᠠᠷ ᠡᠬᠢᠯᠡᠭᠦᠯᠵᠦ᠂ 9 ᠰᠠᠷ᠎ᠠ ᠶᠢᠨ 15 ᠤ ᠡᠳᠦᠷ ᠠᠴᠠ ᠡᠮᠦᠨ᠎ᠡ ᠪᠦᠬᠦᠨ ᠢ ᠪᠠᠷᠢᠵᠤ ᠳᠠᠭᠤᠰᠬᠠᠨ᠎ᠠ᠃                          ᠤᠷᠴᠢᠭᠤᠯᠤᠭᠴᠢ᠄ ᠬᠦᠰᠡᠯ                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2