ᠬᠤᠳᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/6/17
     6 ᠰᠠᠷ᠎ᠠ ᠶᠢᠨ 14 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠸᠢ ᠶᠦᠨ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ ᠪᠦᠬᠦ ᠬᠤᠳᠠ ᠶᠢᠨ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ‌‍ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠪᠣᠯ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠳᠤ ᠬᠤᠯᠪᠣᠭᠳᠠᠬᠤ ᠦᠨᠳᠦᠰᠦᠨ ᠴᠢᠨᠠᠷᠲᠠᠢ ᠠᠰᠠᠭᠤᠳᠠᠯ ᠪᠣᠯᠤᠨ᠎ᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠴᠢᠨᠠᠭᠰᠢᠳᠠ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠶ᠃ ︽ᠨᠣᠬᠠᠢ ᠶᠢᠨ ᠬᠤᠰᠢᠭᠤ ᠨᠣᠭᠤᠭ᠎ᠠ ᠲᠥᠮᠥᠰᠥ᠂ ᠠᠯᠠᠰᠢᠨ ᠦᠬᠡᠷ ᠠᠯᠠᠰᠢᠨ ᠬᠤᠨᠢ ᠰᠦ︾ ᠵᠡᠷᠭᠡ ᠵᠢᠷᠭᠤᠭᠠᠨ ᠶᠡᠭᠡ ᠤᠨᠴᠠᠯᠢᠬᠳᠤ ᠠᠵᠤ ᠦᠢᠯᠡᠰ ᠢ ᠦᠷᠭᠦᠯᠵᠢᠯᠡᠨ ᠰᠢᠯᠢᠳᠡᠭᠵᠢᠭᠦᠯᠵᠦ᠂ ︽ᠣᠣᠷ ᠠᠮᠲᠠᠲᠤ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠰᠠᠶᠢᠲᠤᠷ ᠡᠭᠦᠳᠬᠦ ᠬᠡᠷᠡᠭᠲᠡᠢ᠃ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠬᠡᠷᠡᠭᠲᠡᠢ᠃ ᠭᠠᠩ ᠬᠠᠭᠰᠠᠷᠠᠭᠠᠨ ᠢ ᠰᠡᠷᠭᠡᠶᠢᠯᠡᠵᠦ ᠤᠰᠤᠲᠤᠯ ᠢ ᠰᠡᠷᠭᠡᠶᠢᠯᠡᠬᠦ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠡᠷᠲᠡ ᠢᠯᠡᠷᠡᠭᠦᠯᠵᠦ᠂ ᠡᠷᠲᠡ ᠬᠠᠷᠢᠭᠤ ᠮᠡᠳᠡᠭᠦᠯᠵᠦ᠂ ᠡᠷᠲᠡ ᠰᠡᠷᠭᠡᠶᠢᠯᠡᠨ ᠵᠠᠰᠠᠬᠤ ᠶᠢ ᠪᠡᠶᠡᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠬᠥᠮᠦᠨ ᠪᠠ ᠡᠷᠦᠬᠡ ᠶᠢᠨ ᠪᠠᠶᠢᠳᠠᠯ ᠢ ᠦᠨᠳᠦᠰᠦᠯᠡᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢ ᠴᠠᠭ ᠲᠤᠬᠠᠶ ᠳᠤᠨᠢ ᠥᠨᠳᠥᠷ ᠪᠦᠲᠦᠮᠵᠢᠲᠡᠶ ᠪᠠᠷ ᠲᠠᠷᠬᠠᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠳᠠᠷᠤᠵᠤ ᠠᠪᠬᠤ᠂ ᠨᠡᠭᠦᠯᠭᠡᠨ ᠬᠡᠷᠡᠭᠯᠡᠬᠦ᠂ ᠬᠠᠭᠤᠷᠮᠠᠭᠯᠠᠨ ᠠᠪᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠲᠠᠷᠢᠶᠠᠯᠠᠩ ᠮᠠᠯ ᠠᠵᠤ ᠠᠬᠤᠢ ᠶᠢᠨ ᠲᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠠᠷᠢᠶᠠᠯᠠᠩ ᠲᠠᠢ ᠬᠤᠯᠪᠤᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠲᠣᠰᠬᠤᠨ ᠤ ︽ᠬᠤᠶᠠᠷ ᠵᠥᠪᠯᠡᠯ︾ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠰᠬᠤᠨ ᠤ ᠠᠷᠠᠳ ᠢ ᠳᠠᠭᠠᠭᠤᠯᠤᠨ ᠠᠷᠭ᠎ᠠ ᠪᠤᠳᠤᠯᠭ᠎ᠠ ᠪᠤᠳᠤᠵᠤ᠂ ᠲᠥᠯᠥᠪᠵᠢᠭᠦᠯᠭᠡ ᠰᠦᠪᠡᠭᠴᠢᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠠᠵᠢᠯ ᠢᠶᠠᠨ ᠥᠷᠨᠢᠭᠦᠯᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠣᠷᠣᠯᠭ᠎ᠠ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃                                        ᠣᠷᠴᠢᠭᠤᠯᠤᠭᠴᠢ᠄ ᠭᠤᠸ᠎ᠠ                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2