ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠨᠢ ᠨᠡᠶᠢᠲᠡ 125 ᠲᠦᠮᠡᠨ | ᠲᠥᠭᠦᠷᠢᠭ ᠪᠠᠭᠤᠯᠭᠠᠨ ᠥᠭᠴᠦ ᠮᠠᠨ ᠤ ᠬᠤᠲᠠ ᠶᠢᠨ ᠬᠠᠩᠭᠠᠨ ᠪᠣᠷᠣᠯᠠᠭᠤᠯᠬᠤ ᠰᠢᠰᠲ᠋ᠧᠮ ᠤᠨ ᠦᠨᠳᠦᠰᠦᠨ | ᠱᠠᠲᠤᠨ ᠤ ᠬᠤᠷᠰᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠡᠭᠦᠷᠭᠡ ᠪᠡᠶᠡᠯᠡᠬᠦᠯᠬᠦ ᠶᠢ ᠳᠡᠮᠵᠢᠵᠦ᠂ 23 ᠦᠨᠳᠦᠰᠦᠨ | ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ᠂ 5 ᠶᠡᠷᠦᠩᠬᠡᠶᠢᠯᠡᠭᠰᠡᠨ ᠦᠢᠯᠡᠴᠢᠯᠡᠭᠡᠨ ᠤ ᠬᠤᠷᠰᠢᠶ᠎ᠠ ᠳᠤ | ᠬᠤᠯᠪᠣᠭᠳᠠᠵᠠᠶ᠃ | 6 ᠰᠠᠷ᠎ᠠ ᠶᠢᠨ 11 ᠤ ᠡᠳᠦᠷ ᠪᠣᠯᠲᠠᠯ᠎ᠠ᠂ ᠨᠢᠭᠡᠨᠲᠡ 10 ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ | ᠬᠤᠷᠰᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠡᠭᠦᠷᠭᠡ ᠶᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 43. | 4% ᠳᠤ ᠬᠦᠷᠪᠡ᠃ 3 ᠶᠡᠷᠦᠩᠬᠡᠶᠢᠯᠡᠭᠰᠡᠨ ᠦᠢᠯᠡᠴᠢᠯᠡᠭᠡᠨ ᠤ ᠬᠤᠷᠰᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ | ᠡᠭᠦᠷᠭᠡ ᠶᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 60% ᠳᠤ ᠬᠦᠷᠪᠡ᠃ ᠮᠠᠯᠴᠢᠨ ᠲᠠᠷᠢᠶᠠᠴᠢᠨ ᠤ | ᠦᠢᠯᠡᠴᠢᠯᠡᠭᠡᠨ ᠤ ᠲᠥᠪ 1᠂ ᠰᠢᠶᠠᠩ ᠪᠠᠯᠭᠠᠰᠤ ᠶᠢᠨ ᠱᠠᠲᠤᠨ ᠤ ᠲᠠᠷᠢᠶᠠᠯᠠᠩ ᠤᠨ ᠦᠢᠯᠡᠴᠢᠯᠡᠭᠡᠨ ᠤ ᠲᠥᠪ | 10 ᠶᠢ ᠰᠢᠨ᠎ᠡ ᠪᠠᠷ ᠪᠠᠶᠢᠭᠤᠯᠪᠠ᠃ ᠪᠦᠬᠦ ᠰᠢᠰᠲ᠋ᠧᠮ ᠤᠨ ᠬᠤᠷᠰᠢᠶᠠᠨ ᠤ ᠠᠵᠤ ᠠᠬᠤᠶᠢᠯᠠᠯ᠂ ᠦᠨᠳᠦᠰᠦᠨ | ᠱᠠᠲᠤᠨ ᠤ ᠬᠤᠷᠰᠢᠶ᠎ᠠ᠂ ᠲᠤᠰᠬᠠᠶ ᠠᠵᠢᠯ ᠤᠨ ᠬᠤᠷᠰᠢᠶ᠎ᠠ ᠵᠡᠷᠭᠡ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠨᠤᠭᠤᠳ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠲᠠᠯᠠᠪᠠᠶ ᠶᠢ ᠨᠡᠶᠢᠲᠡ 1. | 07 ᠲᠦᠮᠡᠨ ᠮᠥ ᠪᠡᠶᠡᠯᠡᠬᠦᠯᠪᠡ᠃ ᠨᠢᠭᠡᠳᠦᠯᠲᠡᠶ ᠰᠡᠷᠭᠡᠶᠢᠯᠡᠨ ᠵᠠᠰᠠᠬᠤ᠂ ᠬᠥᠷᠥᠰᠥ ᠰᠢᠷᠣᠶ ᠳᠤ ᠬᠡᠮᠵᠢᠯᠳᠡ ᠬᠢᠬᠦ᠂ | ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠶᠢ 14.78 ᠲᠦᠮᠡᠨ ᠮᠥ | ᠪᠡᠶᠡᠯᠡᠬᠦᠯᠪᠡ᠃ ᠡᠯ᠎ᠡ ᠲᠥᠷᠥᠯ ᠤᠨ ᠦᠨᠳᠦᠰᠦᠨ ᠱᠠᠲᠤᠨ ᠤ ᠬᠤᠷᠰᠢᠭᠰᠠᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠶᠢᠨ ᠬᠤᠷᠰᠢᠶᠠᠨ ᠳᠤ ᠣᠷᠣᠬᠤ᠂ ᠬᠤᠪᠢ ᠣᠷᠣᠬᠤ᠂ ᠡᠪᠯᠡᠯ ᠳᠤ ᠣᠷᠣᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ 1.4 ᠲᠦᠮᠡᠨ ᠮᠠᠯᠴᠢᠨ ᠲᠠᠷᠢᠶᠠᠴᠢᠨ ᠢ ᠳᠠᠶᠢᠴᠢᠯᠠᠵᠤ᠂ ᠪᠦᠬᠦ ᠰᠢᠰᠲ᠋ᠧᠮ ᠤᠨ | ᠪᠣᠷᠣᠯᠠᠭᠤᠯᠭ᠎ᠠ ᠶᠢᠨ ᠬᠡᠮᠵᠢᠶ᠎ᠡ ᠨᠡᠶᠢᠲᠡ 6.84 ᠳ᠋ᠦᠩᠰᠢᠭᠤᠷ ᠲᠥᠭᠦᠷᠢᠭ ᠲᠤ ᠬᠦᠷᠴᠡᠶ᠃ |