ᠯᠢᠶᠠᠩᠴᠧᠩ ᠰᠢᠶᠠᠨ ᠤ ︽ᠭᠠᠯ ᠤᠨᠲᠠᠷᠠᠭᠠᠬᠤ ᠳᠡᠳ᠋ ᠵᠠᠬᠢᠷᠤᠯ︾ ᠵᠢᠩᠬᠢᠨᠢ ᠪᠠᠷ ᠠᠵᠢᠯ ᠤᠨ ᠪᠠᠶᠢᠷᠢ ᠳᠤ ᠭᠠᠷᠪᠠ
ᠨᠡᠶᠢᠲᠡᠯᠡᠭᠰᠡᠨ ᠴᠠᠭ᠄
2024/6/17
       ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠨᠡᠮᠡᠭᠳᠡᠭᠦᠯᠦᠨ᠂ ᠰᠤᠷᠭᠠᠭᠤᠯᠢ ᠶᠢ ᠬᠠᠮᠵᠢᠨ ᠰᠤᠷᠭᠠᠭᠤᠯᠢ ᠶᠢᠨ ᠡᠷᠬᠢᠨ ᠲᠣᠭᠤᠷᠢᠨ ᠤ ᠠᠮᠤᠷ ᠲᠦᠪᠰᠢᠨ ᠤ ᠣᠷᠴᠢᠨ ᠲᠣᠭᠤᠷᠢᠨ ᠢ ᠴᠡᠪᠡᠷᠰᠢᠭᠦᠯᠬᠦ ᠶᠢᠨ ᠲᠥᠯᠥᠭᠡ᠂ 6 ᠰᠠᠷ᠎ᠠ ᠶᠢᠨ 14 ᠤ ᠡᠳᠦᠷ᠂ ᠯᠢᠶᠠᠩᠴᠧᠩ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠯᠢᠶᠠᠩᠴᠧᠩ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠤᠷᠢᠨ ᠲᠣᠮᠢᠯᠠᠭᠰᠠᠨ ᠬᠠᠷᠢᠶᠠᠲᠤ ᠣᠷᠣᠨ ᠤ ᠣᠯᠠᠨ ᠳᠤᠮᠳᠠᠳᠤ ᠪᠠᠭ᠎ᠠ ᠰᠤᠷᠭᠠᠭᠤᠯᠢ ᠶᠢᠨ 7 ︽ᠭᠠᠯ ᠤᠨᠲᠠᠷᠠᠭᠠᠬᠤ ᠳᠡᠳ᠋ ᠵᠠᠬᠢᠷᠤᠯ︾ ᠵᠢᠩᠬᠢᠨᠢ ᠪᠠᠷ ᠠᠵᠢᠯ ᠤᠨ ᠪᠠᠶᠢᠷᠢ ᠳᠤ ᠭᠠᠷᠪᠠ᠃    ᠲᠣᠰ ᠤᠳᠠᠭ᠎ᠠ ᠠᠵᠢᠯ ᠤᠨ ᠪᠠᠶᠢᠷᠢ ᠳᠤ ᠭᠠᠷᠤᠭᠰᠠᠨ ︽ᠭᠠᠯ ᠤᠨᠲᠠᠷᠠᠭᠠᠬᠤ ᠳᠡᠳ᠋ ᠵᠠᠬᠢᠷᠤᠯ︾ ᠨᠢ ᠭᠤᠤᠯᠳᠠᠭᠤ ᠰᠤᠷᠭᠠᠭᠤᠯᠢ ᠲᠠᠢ ᠬᠠᠮᠵᠢᠯᠴᠠᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠰᠤᠳᠤᠯᠬᠤ ᠶᠢ ᠬᠠᠷᠢᠭᠤᠴᠠᠵᠤ᠂ ᠰᠤᠷᠭᠠᠭᠤᠯᠢ ᠶᠢ ᠵᠢᠯᠣᠭᠤᠳᠤᠨ ᠭᠠᠯ ᠤᠨᠲᠠᠷᠠᠭᠠᠬᠤ ᠠᠮᠤᠷ ᠲᠦᠪᠰᠢᠨ ᠤ ᠪᠡᠶ᠎ᠡ ᠪᠠᠨ ᠳᠠᠭᠠᠭᠠᠵᠤ ᠬᠠᠮᠢᠶᠠᠷᠬᠤ ᠠᠵᠢᠯ ᠢ ᠥᠷᠨᠢᠭᠦᠯᠵᠦ᠂ ᠬᠠᠨᠳᠤᠯᠭᠠᠲᠤ ᠴᠢᠨᠠᠷᠲᠠᠶ ᠵᠢᠯᠣᠭᠤᠳᠤᠨ ᠪᠠᠶᠢᠴᠠᠭᠠᠬᠤ ᠪᠠ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠵᠡᠷᠭᠡ ᠠᠵᠢᠯ ᠢ ᠥᠷᠨᠢᠭᠦᠯᠬᠦ ᠶᠢᠨ ᠬᠠᠮᠲᠤ ᠲᠤᠰᠬᠠᠶ ᠮᠡᠷᠭᠡᠵᠢᠯ ᠤᠨ ᠮᠡᠳᠡᠯᠭᠡ ᠶᠢᠨ ᠳᠠᠪᠠᠭᠤᠯᠢᠭ ᠢ ᠠᠰᠢᠭᠯᠠᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ ︽ᠭᠠᠯ ᠤᠨᠲᠠᠷᠠᠭᠠᠬᠤ ᠳᠡᠳ᠋ ᠵᠠᠬᠢᠷᠤᠯ︾ ᠪᠠᠰᠠ ᠬᠠᠷᠢᠶᠠᠲᠤ ᠣᠷᠣᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠲᠤ ᠣᠷᠣᠵᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠵᠢᠯᠣᠭᠤᠳᠤᠨ ᠥᠷᠨᠢᠭᠦᠯᠵᠦ᠂ ᠬᠡᠷ ᠲᠤᠨᠢ ᠬᠦᠷᠴᠦ ᠭᠠᠯ ᠤᠨ ᠭᠠᠮᠰᠢᠭ ᠤᠨ ᠳᠠᠯᠳᠠ ᠬᠡᠮ ᠢ ᠬᠠᠮᠵᠢᠨ ᠵᠢᠭᠰᠠᠭᠠᠨ ᠪᠠᠶᠢᠴᠠᠭᠠᠬᠤ᠂ ᠲᠤᠬᠠᠶ ᠶᠢᠨ ᠲᠠᠯᠠᠪᠤᠷ ᠲᠤ ᠵᠢᠭᠠᠨ ᠰᠤᠷᠭᠠᠬᠤ᠂ ᠳᠠᠭᠤᠷᠢᠶᠠᠮᠠᠯ ᠰᠣᠷᠢᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠭᠰᠢ ᠰᠤᠷᠤᠭᠴᠢᠳ ᠲᠤ ᠠᠮᠤᠷ ᠲᠦᠪᠰᠢᠨ ᠰᠤᠷᠤᠯᠭ᠎ᠠ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃     ︽ᠭᠠᠯ ᠤᠨᠲᠠᠷᠠᠭᠠᠬᠤ ᠳᠡᠳ᠋ ᠵᠠᠬᠢᠷᠤᠯ︾ ᠢ ᠤᠷᠢᠵᠤ ᠠᠵᠢᠯ ᠤᠨ ᠪᠠᠶᠢᠷᠢ ᠳᠤ ᠭᠠᠷᠭᠠᠬᠤ ᠪᠣᠯ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠰᠤᠷᠭᠠᠭᠤᠯᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠳᠥᠯᠭᠢᠨ ᠠᠬᠢᠭᠤᠯᠬᠤ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ︽ᠰᠤᠷᠭᠠᠭᠤᠯᠢ ᠶᠢᠨ ᠭᠠᠯ ᠤᠨᠳᠠᠷᠠᠭᠠᠯᠳᠠ︾ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠰᠠᠶᠢᠨ ᠰᠠᠶᠢᠬᠠᠨ ᠬᠠᠷᠢᠯᠴᠠᠨ ᠬᠥᠳᠡᠯᠦᠯᠴᠡᠬᠦ ᠲᠣᠭᠲᠠᠴᠠ ᠶᠢ ᠬᠠᠮᠲᠤ ᠪᠠᠷ ᠪᠠᠶᠢᠭᠤᠯᠬᠤ ᠨᠢᠭᠡ ᠤᠳᠠᠭᠠᠨ ᠤ ᠠᠰᠢᠭᠲᠠᠶ ᠰᠦᠪᠡᠭᠴᠢᠯᠡᠯᠲᠡ ᠮᠥᠨ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠠᠬᠢᠴᠠ ᠶᠢ ᠳᠥᠯᠭᠢᠨ ᠠᠬᠢᠭᠤᠯᠬᠤ᠂ ᠭᠠᠯ ᠤᠨᠲᠠᠷᠠᠭᠠᠬᠤ ᠤᠬᠠᠭᠤᠯᠭ᠎ᠠ ᠶᠢᠨ ︽ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯ ᠢ ᠭᠦᠨᠵᠡᠭᠡᠶᠢᠷᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃                    ᠤᠷᠴᠢᠭᠤᠯᠤᠭᠴᠢ᠄ ᠬᠦᠰᠡᠯ                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2