ᠣᠶᠢᠷ᠎ᠠ ᠳᠤ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠤᠯᠠᠭᠠᠨᠴᠠᠪ ᠬᠤᠲᠠ ᠶᠢᠨ ᠲᠣᠰ | ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠦᠯᠡᠳᠡᠭᠡᠬᠦ ᠭᠠᠷᠴᠠᠭ ︵ | 2024 ᠣᠨ ᠤ ᠬᠡᠪᠯᠡᠯ︶︾ ᠪᠠ ︽ᠤᠯᠠᠭᠠᠨᠴᠠᠪ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ | ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠬᠦᠴᠦᠨ ᠥᠬᠡᠶ ᠪᠣᠯᠭᠠᠬᠤ ᠪᠠ ᠳᠤᠷᠤᠭᠰᠢ ᠪᠠᠭᠤᠯᠭᠠᠬᠤ ᠭᠠᠷᠴᠠᠭ︾ ᠤᠨ | ᠮᠡᠳᠡᠭᠳᠡᠯ ︵ᠤᠯᠠᠭᠠᠨᠴᠠᠪ ᠵᠠᠰᠠᠭ ᠲᠠᠷᠬᠠᠭᠠᠭᠰᠠᠨ ﹇2024﹈ 14 ᠳ᠋ᠦ᠋ᠭᠡᠷ ᠲᠣᠭᠠᠲᠤ︶ ︵ᠳᠣᠷᠣᠭᠰᠢ ︽2024 | ᠣᠨ ᠤ ᠬᠡᠪᠯᠡᠯ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠵᠢᠴᠢ ᠨᠡᠶᠢᠭᠡᠮ ᠨᠡᠶᠢᠲᠡ ᠶᠢᠨ ᠬᠠᠮᠢᠶ᠎ᠠ ᠪᠥᠬᠦᠶ ᠠᠭᠤᠯᠭ᠎ᠠ ᠶᠢ | ᠣᠶᠢᠯᠠᠭᠠᠬᠤ ᠳᠤ ᠲᠥᠬᠦᠮ ᠪᠣᠯᠭᠠᠬᠤ ᠶᠢᠨ ᠲᠥᠯᠥᠭᠡ᠂ ᠡᠳᠦᠭᠡ ︽2024 ᠣᠨ ᠤ ᠬᠡᠪᠯᠡᠯ ᠤᠨ ᠡᠷᠬᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ᠶᠢᠨ ᠬᠤᠯᠪᠣᠭᠳᠠᠯ ᠪᠥᠬᠦᠶ ᠠᠭᠤᠯᠭ᠎ᠠ ᠶᠢ ᠳᠣᠤᠷᠠᠬᠢ ᠮᠡᠲᠦ | ᠲᠠᠶᠢᠯᠪᠤᠷᠢᠯᠠᠪᠠ᠃ | ᠨᠢᠭᠡ᠂ ᠲᠤᠭᠤᠷᠪᠢᠭᠰᠠᠨ ᠠᠬᠤᠶ ᠪᠠᠶᠢᠳᠠᠯ ᠪᠠ ᠶᠠᠪᠤᠴᠠ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠦ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠭᠦ ᠶᠢᠨ ᠲᠥᠯᠥᠭᠡ᠂ 2023 | ᠣᠨ ᠤ 10 ᠰᠠᠷ᠎ᠠ ᠶᠢᠨ 9 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵2023 ᠣᠨ ᠤ ᠬᠡᠪᠯᠡᠯ︶ ᠵᠢᠴᠢ ᠳᠣᠷᠣᠭᠰᠢ ᠪᠠᠭᠤᠯᠭᠠᠬᠤ ᠭᠠᠷᠴᠠᠭ ᠢ | ᠨᠡᠶᠢᠲᠡᠯᠡᠬᠦ ᠲᠤᠬᠠᠶ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2020﹈ 19 ᠳ᠋ᠦ᠋ᠭᠡᠷ ᠲᠣᠭᠠᠲᠤ︶ ᠤᠨ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ | ᠨᠠᠷᠢᠨ ᠬᠠᠭᠤᠳᠠᠰᠤ ᠶᠢ ᠲᠥᠪᠯᠡᠷᠡᠭᠦᠯᠦᠨ ᠳᠣᠭᠢᠷᠠᠭᠤᠯᠬᠤ ᠠᠵᠢᠯ ᠢ ᠥᠷᠨᠢᠭᠦᠯᠪᠡ᠃ ︽2024 ᠣᠨ ᠤ ᠬᠡᠪᠯᠡᠯ ᠤᠨ | ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ᠤᠷᠢᠳ ᠬᠤᠵᠢᠳ ᠬᠤᠲᠠ ᠶᠢᠨ ᠲᠣᠰ ᠱᠠᠲᠤᠨ ᠤ 31 ᠰᠠᠯᠠᠭ᠎ᠠ | ᠮᠥᠴᠢᠷ ᠤᠨ ᠰᠠᠨᠠᠯ ᠢ ᠴᠤᠭᠯᠠᠭᠤᠯᠵᠤ᠂ ᠨᠡᠶᠢᠲᠡ 49 ᠵᠤᠷᠪᠤᠰ ᠰᠠᠨᠠᠯ ᠰᠠᠨᠠᠭᠤᠯᠭ᠎ᠠ ᠶᠢ ᠬᠦᠯᠢᠶᠡᠨ ᠠᠪᠤᠪᠠ᠃ | ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠯᠤᠭ᠎ᠠ ᠶᠢᠨ 3 ᠡᠭᠡᠯᠵᠢ ᠶᠢᠨ ᠨᠡᠪᠲᠡᠷᠡᠯᠴᠡᠭᠡ ᠪᠠᠷ ᠵᠠᠰᠠᠪᠤᠷᠢ | ᠣᠷᠣᠭᠤᠯᠤᠭᠰᠠᠨ ᠤ ᠳᠠᠷᠠᠭ᠎ᠠ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠪᠠᠲᠤᠯᠠᠵᠤ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠭᠰᠡᠨ ᠤ ᠳᠠᠷᠠᠭ᠎ᠠ᠂ ︽2024 | ᠣᠨ ᠤ ᠬᠡᠪᠯᠡᠯ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ᠶᠢ ᠤᠯᠠᠮ ᠨᠢᠭᠡ ᠠᠯᠬᠤᠮ ᠵᠠᠰᠠᠨ | ᠲᠡᠭᠦᠯᠳᠡᠷᠵᠢᠭᠦᠯᠪᠡ᠃ | ᠬᠤᠶᠠᠷ᠂ ᠭᠤᠣᠯ ᠠᠭᠤᠯᠭ᠎ᠠ | ︽2024 ᠣᠨ ᠤ ᠬᠡᠪᠯᠡᠯ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ᠳᠤ ᠡᠷᠬᠡ | ᠬᠠᠷᠢᠭᠤᠴᠠᠯᠭ᠎ᠠ ᠶᠢᠨ ᠪᠡᠶᠡᠴᠢ ᠴᠣᠭᠴᠠ᠂ ᠡᠷᠬᠡ ᠶᠢᠨ ᠵᠦᠢᠯᠡᠰ ᠤᠨ ᠨᠡᠷᠡᠶᠢᠳᠦᠯ᠂ ᠡᠷᠬᠡ ᠶᠢᠨ ᠲᠥᠷᠥᠯ ᠬᠡᠯᠪᠡᠷᠢ᠂ | ᠪᠠᠶᠢᠷᠢᠯᠠᠭᠤᠯᠤᠭᠰᠠᠨ ᠦᠨᠳᠦᠰᠦᠯᠡᠯ᠂ ᠰᠢᠢᠳᠪᠦᠷᠢᠯᠡᠬᠦ ᠲᠣᠭᠲᠠᠭᠠᠯ ᠵᠢᠴᠢ ᠤᠴᠢᠷ ᠰᠢᠯᠲᠠᠭᠠᠨ᠂ ᠬᠤᠲᠠ ᠶᠢᠨ | ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠬᠤ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ | ᠵᠢᠯᠣᠭᠤᠳᠴᠤ ᠵᠣᠯᠭᠠᠭᠤᠯᠬᠤ ᠠᠷᠭ᠎ᠠ ᠬᠡᠮᠵᠢᠶ᠎ᠡ ᠵᠡᠷᠭᠡ 7 ᠲᠥᠷᠥᠯ ᠤᠨ ᠬᠦᠴᠦᠨ ᠵᠦᠢᠯ ᠢ ᠪᠠᠭᠲᠠᠭᠠᠪᠠ᠃ | ᠬᠤᠲᠠ ᠶᠢᠨ ᠲᠣᠰ ᠱᠠᠲᠤᠨ ᠤ 31 ᠰᠠᠯᠠᠭ᠎ᠠ ᠮᠥᠴᠢᠷ ᠲᠤ ᠬᠤᠯᠪᠣᠭᠳᠠᠵᠤ᠂ ᠬᠤᠲᠠ ᠶᠢᠨ ᠲᠣᠰ ᠱᠠᠲᠤᠨ ᠤ ᠵᠠᠰᠠᠭ | ᠵᠠᠬᠢᠷᠭᠠᠨ ᠤ ᠡᠷᠬᠡ ᠶᠢᠨ 3098 ᠵᠦᠢᠯ ᠢ ᠦᠯᠡᠳᠡᠭᠡᠵᠦ᠂ 94 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ | ᠵᠦᠢᠯᠡᠰ ᠢ ᠬᠦᠴᠦᠨ ᠦᠭᠡᠢ ᠪᠣᠯᠭᠠᠵᠤ᠂ 371 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠳᠣᠷᠣᠭᠰᠢ | ᠪᠠᠭᠤᠯᠭᠠᠪᠠ᠃ | ᠭᠤᠷᠪᠠ᠂ ᠲᠤᠭᠤᠰᠢᠯᠠᠭᠤᠯᠤᠯᠳᠠ ᠨᠠᠶᠢᠳᠠᠪᠤᠷᠢᠵᠢᠭᠤᠯᠤᠯᠳᠠ | ︽ᠤᠯᠠᠭᠠᠨᠴᠠᠪ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢ ᠦᠯᠡᠳᠡᠭᠡᠬᠦ ᠭᠠᠷᠴᠠᠭ ︵2024 ᠣᠨ ᠤ ᠬᠡᠪᠯᠡᠯ︶︾ ᠪᠠ ︽ᠤᠯᠠᠭᠠᠨᠴᠠᠪ ᠬᠤᠲᠠ ᠶᠢᠨ ᠲᠣᠰ | ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠦᠴᠦᠨ ᠥᠬᠡᠶ ᠪᠣᠯᠭᠠᠬᠤ | ᠪᠠ ᠳᠣᠷᠣᠭᠰᠢ ᠪᠠᠭᠤᠯᠭᠠᠬᠤ ᠭᠠᠷᠴᠠᠭ︾ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠦᠨᠡᠨᠬᠦ ᠰᠠᠶᠢᠲᠤᠷ ᠬᠢᠬᠦ ᠶᠢᠨ | ᠲᠥᠯᠥᠭᠡ᠂ ︽ᠮᠡᠳᠡᠭᠳᠡᠯ︾ ᠳᠤ ᠡᠯ᠎ᠡ ᠬᠤᠯᠪᠣᠭᠳᠠᠯ ᠪᠥᠬᠦᠶ ᠨᠢᠭᠡᠴᠢ ᠨᠦᠭᠦᠳ ᠬᠠᠤᠯᠢ ᠪᠠᠷ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ ᠶᠢ ᠡᠷᠬᠡᠪᠰᠢ ᠡᠭᠦᠷᠭᠡᠯᠡᠵᠦ᠂ ᠬᠠᠤᠯᠢ ᠶᠣᠰᠣᠭᠠᠷ ᠲᠣᠭᠲᠠᠭᠠᠭᠰᠠᠨ ᠵᠠᠰᠠᠭ ᠵᠠᠬᠢᠷᠭᠠᠨ ᠤ ᠡᠷᠬᠡ ᠶᠢᠨ | ᠵᠦᠢᠯᠡᠰ ᠪᠦᠬᠦᠨ ᠢ ᠨᠠᠷᠢᠨ ᠬᠠᠭᠤᠳᠠᠰᠤ ᠶᠢᠨ ᠬᠠᠮᠢᠶᠠᠷᠤᠯᠲᠠ ᠳᠤ ᠣᠷᠣᠭᠤᠯᠵᠤ᠂ ᠨᠠᠷᠢᠨ ᠬᠠᠭᠤᠳᠠᠰᠤ ᠠᠴᠠ ᠭᠠᠳᠠᠨ᠎ᠠ | ᠬᠠᠤᠯᠢ ᠶᠢ ᠵᠥᠷᠢᠴᠡᠨ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠵᠦ ᠪᠣᠯᠬᠤ ᠥᠬᠡᠶ᠃ ᠬᠤᠲᠠ ᠶᠢᠨ ᠰᠢᠭᠤᠳ | ᠬᠠᠷᠢᠶ᠎ᠠ ᠡᠯ᠎ᠡ ᠰᠠᠯᠠᠭ᠎ᠠ ᠮᠥᠴᠢᠷ ᠤᠳ ᠨᠠᠷᠢᠨ ᠬᠠᠭᠤᠳᠠᠰᠤ ᠶᠢ ᠴᠢᠩᠭ᠎ᠠ ᠵᠢᠷᠤᠮᠯᠠᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠢᠵᠢ ᠪᠦᠷᠢᠳᠦᠭᠦᠯᠦᠨ ᠬᠡᠷᠡᠭᠵᠢᠭᠦᠯᠬᠦ ᠠᠷᠭ᠎ᠠ | ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠯ᠂ ᠣᠯᠠᠨ ᠨᠡᠶᠢᠲᠡ ᠶᠢᠨ ᠦᠢᠯᠡᠴᠢᠯᠡᠭᠡ ᠪᠠ ᠬᠢᠨᠠᠯᠲᠠ ᠬᠠᠮᠢᠶᠠᠷᠤᠯᠲᠠ ᠶᠢᠨ | ᠠᠵᠢᠯ ᠳᠤ ᠬᠥᠳᠡᠯᠦᠩᠭᠦᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ | ᠲᠣᠰ ᠤᠳᠠᠭᠠᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠣᠬᠢᠷᠠᠭᠤᠯᠤᠯᠲᠠ ᠶᠢᠨ ᠪᠠᠶᠢᠳᠠᠯ ᠢ | ᠦᠨᠳᠦᠰᠦᠯᠡᠨ᠂ ᠬᠥᠳᠡᠯᠦᠩᠭᠦᠶ ᠪᠠᠷ ᠳᠣᠭᠢᠷᠠᠭᠤᠯᠬᠤ ᠵᠠᠷᠴᠢᠮ ᠪᠠ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠲᠣᠰ | ᠭᠠᠵᠠᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠣᠬᠢᠷᠠᠭᠤᠯᠤᠯᠲᠠ ᠵᠢᠴᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠪᠠᠷᠢᠮᠵᠢᠶᠠᠵᠢᠭᠤᠯᠬᠤ ᠠᠵᠢᠯ ᠢ ᠱᠠᠯᠠᠪᠳᠠᠨ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ᠃ | ᠡᠯ᠎ᠡ ᠬᠤᠰᠢᠭᠤ ᠰᠢᠶᠠᠨ ᠬᠤᠲᠠ ᠲᠣᠭᠤᠷᠢᠭ ᠪᠣᠯᠤᠨ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ ᠤᠳ ᠬᠦᠴᠦᠨ ᠥᠬᠡᠶ ᠪᠣᠯᠭᠠᠬᠤ ᠪᠠ ᠳᠤᠷᠤᠭᠰᠢ ᠪᠠᠭᠤᠯᠭᠠᠬᠤ ︵ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ | ᠳᠣᠷᠣᠭᠰᠢ ᠰᠢᠯᠵᠢᠭᠦᠯᠬᠦ︶ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠰᠢᠯᠵᠢᠭᠦᠯᠦᠨ ᠲᠤᠰᠢᠶᠠᠵᠤ ᠵᠣᠯᠭᠠᠭᠤᠯᠬᠤ | ᠠᠵᠢᠯ ᠢ ᠰᠠᠶᠢᠲᠤᠷ ᠬᠢᠵᠦ᠂ ᠡᠷᠬᠡ ᠪᠠᠨ ᠲᠠᠯᠪᠢᠵᠤ ᠳᠡᠶᠢᠯᠬᠦ᠂ ᠭᠥᠯᠢᠶᠡᠨ ᠠᠪᠴᠤ ᠳᠡᠶᠢᠯᠬᠦ᠂ ᠰᠠᠶᠢᠲᠤᠷ | ᠬᠠᠮᠢᠶᠠᠷᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠤᠯᠢ ᠴᠠᠭᠠᠵᠠ᠂ ᠬᠠᠤᠯᠢ ᠲᠣᠭᠲᠠᠭᠠᠯ ᠵᠡᠷᠭᠡ ᠳᠤ ᠲᠣᠳᠣᠷᠬᠠᠢ | ᠬᠦᠴᠦᠨ ᠦᠭᠡᠢ ᠪᠤᠯᠭᠠᠭᠰᠠᠨ ᠵᠦᠢᠯᠡᠰ ᠢ ᠳᠠᠬᠢᠵᠤ ᠬᠡᠷᠡᠭᠵᠢᠭᠦᠯᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ | ᠬᠡᠷᠡᠭᠵᠢᠭᠦᠯᠵᠦ ᠪᠣᠯᠬᠤ ᠦᠭᠡᠢ᠃ ᠬᠢᠨᠠᠨ ᠵᠥᠪᠰᠢᠶᠡᠷᠡᠬᠦ ᠶᠢ ᠨᠢᠭᠡᠨᠲᠡ ᠬᠦᠴᠦᠨ ᠦᠭᠡᠢ ᠪᠣᠯᠭᠠᠭᠰᠠᠨ ᠪᠣᠯᠪᠠᠴᠤ ᠮᠥᠨ | ᠬᠦ ᠬᠢᠨᠠᠨ ᠬᠠᠮᠢᠶᠠᠷᠬᠤ ᠴᠢᠬᠤᠯᠠᠲᠠᠢ ᠵᠦᠢᠯᠡᠰ ᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠬᠡᠷᠡᠭ ᠤᠨ | ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠬᠤ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ︹2019︺ 18 | ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠬᠡᠷᠡᠭᠲᠡᠶ᠃ | | | | |