ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ ᠠᠵᠤ ᠠᠬᠤᠶ ᠶᠢᠨ ᠠᠵᠢᠯᠯᠠᠭᠠᠨ᠂ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/6/18
    6 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠪᠠ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠶᠤᠯᠭᠦᠶ ᠦᠢᠯᠡᠳᠪᠦᠷᠢᠯᠡᠯ ᠪᠠ ᠪᠠᠶᠢᠭᠠᠯᠢ ᠶᠢᠨ ᠭᠠᠮᠰᠢᠭ ᠤᠨ ᠪᠠᠶᠢᠳᠠᠯ ᠢ ᠮᠡᠳᠡᠭᠳᠡᠵᠦ᠂ ︽ᠥᠪᠥᠷ ᠮᠣᠩᠭᠤᠯ ᠤᠨ ᠹᠧᠩᠵᠧᠨ ᠬᠤᠲᠠ ᠶᠢᠨ ᠬᠤᠩᠱᠠᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷᠲᠠᠶ ᠠᠶᠢᠮᠠᠭ ᠬᠤᠲᠠ ᠶᠢᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ︵2024 - 2035 ᠣᠨ︶︾᠂ ︽ᠤᠯᠠᠭᠠᠨᠴᠠᠪ ᠬᠤᠲᠠ ᠶᠢᠨ ᠲᠥᠰᠦᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠲᠤᠬᠢᠷᠠᠭᠤᠯᠤᠯᠳᠠ ᠶᠢ ᠴᠢᠩᠭᠠᠳᠬᠠᠵᠤ᠂ ᠳᠤᠲᠠᠭᠤᠳᠠᠯ ᠪᠠᠭᠤᠷᠠᠢ ᠲᠠᠯ᠎ᠠ ᠶᠢ ᠴᠢᠩᠭ᠎ᠠ ᠠᠩᠬᠠᠷᠴᠤ᠂ ᠬᠠᠷᠠᠯᠲᠠ ᠲᠠᠢ ᠪᠠᠷ ᠬᠦᠴᠦᠯᠡᠵᠦ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠨᠡᠮᠡᠭᠳᠡᠯ ᠤᠨ ᠰᠠᠶᠢᠨ ᠪᠠᠶᠢᠳᠠᠯ ᠢ ᠪᠠᠲᠤᠯᠠᠬᠤ ᠬᠡᠷᠡᠭᠲᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠬᠡᠯᠬᠢᠶ᠎ᠡ ᠶᠢ ᠦᠷᠭᠦᠯᠵᠢᠯᠡᠨ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ᠂ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠦᠨᠡᠨᠬᠦ ᠰᠠᠶᠢᠵᠢᠷᠠᠭᠤᠯᠵᠤ ᠪᠣᠳᠠᠲᠠᠢ ᠥᠭᠡᠷᠡᠴᠢᠯᠡᠵᠦ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠲᠦᠷᠡᠲᠡᠯ᠎ᠡ ᠮᠠᠯᠵᠢᠬᠤ ᠶᠢ ᠵᠠᠰᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠰᠣᠶᠣᠯ ᠪᠣᠯᠤᠨ ᠵᠤᠭᠠᠴᠠᠯ ᠤᠨ ᠭᠦᠨᠵᠡᠭᠡᠢ ᠠᠭᠤᠰᠤᠯᠴᠠᠯ ᠢ ᠦᠷᠭᠦᠯᠵᠢᠯᠡᠨ ᠠᠬᠢᠭᠤᠯᠵᠤ᠂ ᠤᠷᠳᠤ ᠴᠠᠭᠠᠨ ᠬᠡᠷᠡᠮ ᠤᠨ ᠰᠣᠶᠣᠯ ᠢ ᠭᠦᠨᠵᠡᠭᠡᠢ ᠠᠭᠤᠳᠠᠯᠵᠤ᠂ ᠰᠣᠶᠣᠯ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠡᠯᠬᠢᠶ᠎ᠡ ᠶᠢ ᠱᠠᠳᠤ ᠱᠠᠳᠤ ᠪᠠᠷ ᠴᠢᠩᠭᠠᠯᠠᠵᠤ᠂ ᠭᠤᠣᠯᠳᠠᠯᠭ᠎ᠠ ᠲᠠᠢ ᠬᠦᠷᠢᠶ᠎ᠡ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠰᠠᠶᠢᠲᠤᠷ ᠠᠳᠬᠤᠬᠤ ᠬᠡᠷᠡᠭᠲᠡᠢ᠃ ᠦᠶᠡᠷ ᠢ ᠰᠡᠷᠭᠡᠶᠢᠯᠡᠬᠦ ᠪᠠ ᠭᠠᠩ ᠬᠠᠭᠰᠠᠷᠠᠭᠠᠨ ᠲᠠᠢ ᠲᠡᠮᠡᠴᠡᠬᠦ ᠪᠡᠯᠡᠳᠬᠡᠯ ᠲᠥᠰᠦᠯ ᠢ ᠲᠣᠭᠲᠠᠭᠠᠨ ᠲᠡᠭᠦᠯᠳᠡᠷᠵᠢᠭᠦᠯᠵᠦ᠂ ᠠᠪᠤᠷᠠᠨ ᠲᠤᠰᠠᠯᠠᠬᠤ ᠴᠢᠳᠠᠪᠤᠷᠢ ᠪᠠᠨ ᠴᠢᠩᠭᠠᠳᠬᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠭᠠᠮᠰᠢᠭ ᠬᠦᠷᠴᠦ ᠢᠷᠡᠬᠦ ᠳᠤ ᠥᠨᠳᠥᠷ ᠪᠦᠲᠦᠮᠵᠢᠲᠡᠢ ᠪᠠᠷ ᠠᠷᠭᠠᠴᠠᠭᠠᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠴᠢᠨᠠᠭᠰᠢᠳᠠ ᠪᠠᠬᠢᠵᠢᠭᠦᠯᠬᠦ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                      ᠣᠷᠴᠢᠭᠤᠯᠤᠭᠴᠢ᠄ ᠭᠤᠸ᠎ᠠ                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2