ᠤᠯᠠᠭᠠᠨᠴᠠᠪ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠳᠤ ᠴᠢᠳᠠᠪᠤᠷᠢᠲᠠᠨ ᠤ ᠪᠠᠶᠢᠭᠤᠯᠤᠯᠲᠠ ᠶᠢᠨ ︽ᠭᠤᠤᠯ ᠴᠥᠮ᠎ᠡ︾ ᠶᠢ ᠪᠤᠰᠬᠠᠪᠠ
ᠨᠡᠶᠢᠲᠡᠯᠡᠭᠰᠡᠨ ᠴᠠᠭ᠄
2024/6/18
       ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠷᠦᠨ ᠴᠤᠸᠠᠩ ᡁᠢ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠲᠤ᠂ ᠪᠠᠭᠰᠢ ᠶᠠᠭ ᠰᠤᠷᠤᠭᠴᠢᠳ ᠲᠤ ᠲᠤᠭ᠎ᠠ ᠪᠠᠷᠢᠮᠲᠠ ᠶᠢᠨ ᠠᠵᠢᠯᠯᠠᠬᠤ ᠶᠠᠪᠤᠴᠠ ᠶᠢ ᠲᠠᠶᠢᠯᠪᠤᠷᠢᠯᠠᠨ ᠥᠭᠴᠦ ᠪᠠᠶᠢᠨ᠎ᠠ᠃ ᠭᠦᠸᠧ ᠰᠢᠶᠤᠤ ᠶᠠᠨ ᠰᠡᠭᠦᠲᠡᠷᠯᠡᠪᠡ        ᠵᠤᠨ ᠤ ᠳᠤᠮᠳᠠ ᠤᠯᠠᠷᠢᠯ ᠳᠤ᠂ ᠲᠦᠮᠡᠨ ᠪᠣᠳᠠᠰ ᠥᠰᠤᠨ ᠪᠤᠶᠢᠵᠢᠵᠤ᠂ ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ ᠷᠦᠨ ᠴᠤᠸᠠᠩ ᡁᠢ ᠣᠶᠤᠨᠴᠢ ᠪᠣᠯᠪᠠᠰᠤᠷᠠᠯ ᠤᠨ ᠰᠠᠭᠤᠷᠢᠨ ᠭᠠᠵᠠᠷ ᠲᠤ ᠡᠪᠡᠰᠦ ᠨᠣᠭᠤᠭ᠎ᠠ ᠨᠣᠭᠤᠭᠠᠷᠠᠵᠤ᠂ ᠭᠠᠵᠠᠷ ᠪᠣᠯᠭᠠᠨ ᠳᠤ ᠠᠮᠢᠵᠢᠷᠠᠯ ᠤᠨ ᠬᠦᠴᠦᠨ ᠢᠯᠡᠷᠡᠪᠡ᠃    ︽ ᠵᠦᠬᠡᠯᠡᠨ ᠴᠠᠬᠢᠯᠭᠠᠨ ᠤ ᠲᠥᠬᠦᠭᠡᠷᠦᠮᠵᠢ ᠶᠢᠨ ᠮᠡᠷᠭᠡᠵᠢᠯ ᠤᠨ ᠭᠦᠢᠴᠡᠳᠬᠡᠯ ᠲᠤᠭ᠎ᠠ ᠵᠢᠴᠢ ᠴᠢᠳᠠᠪᠬᠢ ᠶᠢᠨ ᠪᠣᠯᠵᠣᠯᠲᠤ ᠲᠤᠭ᠎ᠠ ᠶᠢ ᠴᠡᠭᠡᠵᠢᠯᠡᠬᠦ ᠪᠤᠯ ᠴᠠᠬᠢᠯᠭᠠᠨ ᠬᠡᠯᠬᠢᠶ᠎ᠡ ᠶᠢ ᠰᠠᠶᠢᠲᠤᠷ ᠰᠤᠷᠬᠤ ᠶᠢᠨ ᠰᠠᠭᠤᠷᠢ ᠮᠥᠨ᠂ ᠤᠯᠠᠨ ᠢᠶᠠᠷ ᠢᠶᠠᠨ ᠪᠣᠯᠪᠠᠰᠤᠷᠠᠩᠭᠤᠢ ᠡᠵᠡᠮᠰᠢᠬᠦ ᠬᠡᠷᠡᠭᠲᠡᠢ︾᠃ ᠰᠠᠭᠤᠷᠢᠨ ᠭᠠᠵᠠᠷ ᠤᠨ ᠳᠠᠳᠤᠯᠭ᠎ᠠ ᠪᠣᠯᠪᠠᠰᠤᠷᠠᠯ ᠤᠨ ᠲᠠᠰᠤᠭ ᠲᠤ ᠬᠢᠴᠢᠶᠡᠯ ᠵᠢᠭᠠᠬᠤ ᠪᠠᠭᠰᠢ ᠶᠠᠭ ᠴᠠᠬᠢᠯᠭᠠᠨ ᠱᠤᠭᠤᠮ ᠢ ᠬᠡᠷᠬᠢᠨ ᠪᠠᠢᠴᠠᠭᠠᠬᠤ ᠲᠤᠬᠠᠢ ᠦᠵᠡᠭᠦᠯᠵᠦ ᠪᠠᠢᠨ᠎ᠠ᠃    ᠷᠦᠨ ᠴᠤᠸᠠᠩ ᡁᠢ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠣᠯ ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠤᠯᠠᠭᠠᠨᠴᠠᠪ ᠬᠤᠲᠠ ᠶᠢᠨ ᠬᠤᠸᠠ ᠴᠤᠸᠠᠩ ᠪᠦᠯᠦᠭᠯᠡᠯ᠂ ᠵᠥᠩ ᠬᠠᠩ ᠰᠢᠨ ᠪᠠᠶ ᠷᠦᠨ ᠺᠣᠮᠫᠠᠨᠢ ᠬᠠᠮᠲᠤ ᠪᠠᠷ ᠭᠠᠷ ᠬᠤᠯᠪᠣᠨ ᠪᠠᠶᠢᠭᠤᠯᠤᠭᠰᠠᠨ ᠠᠩᠬᠠᠳᠠᠭᠴᠢ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠵᠠᠭᠪᠤᠷ ᠢᠶᠠᠷ ᠪᠥᠲᠥᠭᠡᠨ ᠪᠠᠶᠢᠭᠤᠯᠤᠭᠰᠠᠨ ᠪᠥᠬᠦ ᠲᠤᠰᠬᠠᠶ ᠮᠡᠷᠭᠡᠵᠢᠯ᠂ ᠪᠥᠬᠦ ᠦᠵᠡᠭᠳᠡᠯ ᠲᠠᠢ ᠳ᠋ᠠᠶᠢᠲ᠋ᠠ ᠶᠢᠨ ᠲᠥᠪ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠠᠶᠢᠵᠤ᠂ ᠵᠤᠷᠢᠯᠭ᠎ᠠ ᠨᠢ ᠲᠣᠮᠣ ᠳ᠋ᠠᠶᠢᠲ᠋ᠠ ᠶᠢᠨ ᠴᠢᠳᠠᠪᠤᠷᠢᠲᠠᠨ ᠢ ᠬᠠᠮᠲᠤ ᠪᠠᠷ ᠬᠥᠮᠦᠵᠢᠭᠦᠯᠬᠦ ᠶᠢᠨ ᠲᠥᠯᠥᠭᠡ ᠶᠤᠮ᠃             ᠵᠤᠬᠢᠶᠠᠭᠴᠢ᠄ ᠳᠤᠩ ᠰᠢᠦ ᠰᠢᠦ             ᠤᠷᠴᠢᠭᠤᠯᠤᠭᠴᠢ᠄ ᠬᠦᠰᠡᠯ             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠤᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2