ᠮᠠᠨ ᠤ ᠬᠤᠲᠠ ︽ᠭᠠᠵᠠᠷ ᠲᠤᠰᠢᠶᠠᠪᠠᠯ ᠳᠠᠷᠤᠢ ᠦᠨᠡᠮᠯᠡᠯ ᠲᠤᠰᠢᠶᠠᠬᠤ︾ ᠪᠠᠷ ᠭᠠᠷᠳᠠᠴᠠ ᠪᠣᠯᠭᠠᠵᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠬᠢᠬᠦ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/6/18
     ᠣᠶᠢᠷ᠎ᠠ ᠳᠤ᠂ ᠯᠢᠶᠠᠩᠴᠧᠩ ᠰᠢᠶᠠᠨ ᠤ ᠰᠠᠨ ᠰᠢᠩ ᠠᠮᠤ ᠲᠣᠰᠣ ᠪᠣᠯᠪᠠᠰᠤᠷᠠᠭᠤᠯᠬᠤ ᠦᠢᠯᠡᠳᠪᠦᠷᠢ ᠪᠠ ᠯᠢᠶᠠᠩᠴᠧᠩ ᠰᠢᠶᠠᠨ ᠤ ᠵᠢᠶ ᠲᠦᠩ ᠨᠢᠭᠡᠳᠦᠭᠡᠷ ᠲᠣᠰᠣ ᠨᠡᠮᠡᠬᠦ ᠬᠡᠶ ᠨᠡᠮᠡᠬᠦ ᠥᠷᠲᠡᠭᠡ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠶᠢᠨ ᠬᠡᠷᠡᠭᠯᠡᠬᠦ ᠡᠷᠬᠡ ᠶᠢ ᠤᠯᠬᠤ ᠶᠢᠨ ᠬᠠᠮᠲᠤ᠂ ᠯᠢᠶᠠᠩᠴᠧᠩ ᠰᠢᠶᠠᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠠᠴᠠ ᠬᠤᠶᠠᠷ ᠠᠵᠤ ᠠᠬᠤᠶᠢᠯᠠᠯ ᠳᠤ ︽ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︾ ᠤᠯᠭᠤᠭᠰᠠᠨ ᠨᠢ᠂ ᠤᠯᠠᠭᠠᠨᠴᠠᠪ ᠬᠤᠲᠠ ᠶᠢᠨ ︽ᠭᠠᠵᠠᠷ ᠲᠤᠰᠢᠶᠠᠪᠠᠯ ᠳᠠᠷᠤᠢ ᠦᠨᠡᠮᠯᠡᠯ ᠲᠤᠰᠢᠶᠠᠬᠤ︾ ᠦᠢᠯᠡᠴᠢᠯᠡᠭᠡᠨ ᠤ ᠥᠭᠡᠷᠡᠴᠢᠯᠡᠯᠲᠡ ᠪᠠᠶᠢᠩᠭᠤᠵᠢᠭᠤᠯᠤᠨ ᠬᠡᠷᠡᠭᠵᠢᠭᠦᠯᠬᠦ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃      ᠥᠩᠭᠡᠷᠡᠭᠰᠡᠨ ᠳᠤ᠂ ᠠᠵᠤ ᠠᠬᠤᠶᠢᠯᠠᠯ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠣᠯᠤᠭᠰᠠᠨ ᠤ ᠳᠠᠷᠠᠭ᠎ᠠ᠂ ᠭᠠᠶᠢᠯᠢ ᠲᠤᠰᠢᠶᠠᠬᠤ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠲᠤᠭ᠎ᠠ ᠪᠠᠷᠢᠮᠲᠠ ᠶᠢ ᠬᠥᠮᠥᠷᠭᠡ ᠳᠤ ᠣᠷᠣᠭᠤᠯᠬᠤ ᠮᠡᠲᠦ ᠶᠢᠨ ᠤᠯᠠᠨ ᠶᠠᠪᠤᠴᠠ ᠶᠢ ᠤᠷᠢᠳᠴᠢᠯᠠᠨ ᠪᠡᠶᠡᠯᠡᠬᠦᠯᠦᠭᠰᠡᠨ ᠤ ᠳᠠᠷᠠᠭ᠎ᠠ᠂ ᠰᠠᠶ᠋ᠢ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠭᠤᠭᠴᠤᠭ᠎ᠠ ᠳᠤ ᠣᠷᠣᠵᠤ᠂ ᠤᠷᠢᠳᠠᠴᠢ ᠭᠤᠭᠴᠤᠭ᠎ᠠ ᠣᠯᠠᠨ᠂ ᠵᠠᠷᠤᠴᠠᠭᠤᠯᠬᠤ ᠴᠠᠭ ᠨᠢ ᠣᠷᠳᠣ ᠪᠠᠶᠢᠵᠠᠢ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠥᠯᠥᠭᠡ᠂ ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠵᠦ᠂ ︽ᠭᠠᠵᠠᠷ ᠲᠤᠰᠢᠶᠠᠪᠠᠯ ᠳᠠᠷᠤᠶ ᠦᠨᠡᠮᠯᠡᠯ ᠲᠤᠰᠢᠶᠠᠬᠤ︾ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠭᠠᠵᠠᠷ ᠬᠡᠷᠡᠭᠯᠡᠬᠦ᠂ ᠲᠥᠯᠥᠪᠵᠢᠭᠦᠯᠬᠦ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠵᠡᠷᠭᠡ ᠭᠤᠭᠴᠤᠭ᠎ᠠ ᠶᠢ ᠥᠨᠳᠥᠷ ᠪᠦᠲᠦᠮᠵᠢᠲᠡᠶ ᠪᠠᠷ ᠬᠤᠯᠪᠣᠭᠠᠯᠠᠨ ᠬᠥᠳᠡᠯᠦᠯᠴᠡᠬᠦ ᠶᠢ ᠵᠣᠬᠢᠶᠠᠨ ᠪᠠᠶᠢᠭᠤᠯᠵᠤ᠂ ᠶᠠᠪᠤᠴᠠ ᠶᠢ ᠰᠢᠯᠢᠳᠡᠭᠵᠢᠭᠦᠯᠬᠦ ᠪᠠ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ ᠭᠥᠷᠳᠡᠬᠦ ᠶᠢ ᠠᠬᠢᠭᠤᠯᠤᠨ᠂ ᠬᠤᠯᠪᠣᠭᠳᠠᠯ ᠪᠥᠬᠦᠶ ᠭᠤᠭᠴᠤᠭ᠎ᠠ ᠶᠢ ︽ᠭᠠᠵᠠᠷ ᠲᠤᠰᠢᠶᠠᠭᠰᠠᠨ ᠤ ᠳᠠᠷᠠᠭ᠎ᠠ︾ ᠪᠠᠶᠢᠭᠰᠠᠨ ᠠᠴᠠ ︽ᠭᠠᠵᠠᠷ ᠲᠤᠰᠢᠶᠠᠬᠤ ᠠᠴᠠ ᠡᠮᠦᠨ᠎ᠡ︾ ᠪᠤᠯᠭᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠴᠠᠭ ᠢ ᠪᠦᠲᠦᠮᠵᠢᠲᠡᠶ ᠪᠣᠭᠤᠨᠢᠰᠬᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠠᠬᠤᠶᠢᠯᠠᠯ ᠤᠨ ᠦᠨᠡᠮᠯᠡᠯ ᠠᠪᠬᠤ᠂ ᠪᠠᠯᠠ ᠲᠣᠬᠢᠷᠠᠭᠤᠯᠬᠤ᠂ ᠪᠥᠲᠥᠭᠡᠨ ᠪᠠᠶᠢᠭᠤᠯᠬᠤ᠂ ᠦᠷ᠎ᠡ ᠪᠦᠲᠦᠮᠵᠢ ᠤᠯᠬᠤ ᠶᠢ ᠬᠠᠮᠤᠭ ᠤᠨ ᠦᠷ᠎ᠡ ᠠᠰᠢᠭ ᠲᠠᠢ ᠪᠠᠷ ᠪᠡᠶᠡᠯᠡᠭᠦᠯᠵᠦ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠪᠡ᠃      ᠲᠠᠷᠠᠭᠠᠴᠢ ᠶᠢᠨ ᠠᠯᠬᠤᠮ ᠳᠤ᠂ ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠤᠷᠰᠢᠯᠭ᠎ᠠ ᠪᠠᠨ ᠦᠷᠭᠦᠯᠵᠢᠯᠡᠨ ᠳ᠋ᠦᠩᠨᠡᠵᠦ᠂ ᠠᠵᠢᠯ ᠤᠨ ᠶᠠᠪᠤᠴᠠ ᠪᠠᠨ ᠰᠢᠯᠢᠳᠡᠭᠵᠢᠭᠦᠯᠦᠨ᠂ ᠠᠵᠤ ᠠᠬᠤᠶᠢᠯᠠᠯ ᠳᠤ ᠲᠥᠬᠦᠮ ᠦᠵᠡᠭᠦᠯᠬᠦ ᠪᠠᠷ ᠬᠠᠷᠠᠯᠲᠠ ᠪᠣᠯᠭᠠᠵᠤ᠂ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠰᠢᠨ᠎ᠡ ᠪᠠᠷ ᠡᠭᠦᠳᠦᠨ ᠰᠢᠯᠢᠳᠡᠭᠵᠢᠭᠦᠯᠵᠦ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠢᠴᠡᠳ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠪᠠᠷ ᠴᠢᠷᠮᠠᠶᠢᠵᠦ ᠪᠠᠶᠢᠨ᠎ᠠ᠃
 
ᠢᠷᠡᠯᠲᠡ᠄ ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2