ᠰᠦᠢ ᠸᠧᠢ ᠵᠢᠶᠦ᠋ᠨ ᠵᠢᠨᠢᠩ ᠤᠨ ᠪᠠᠭᠰᠢ ᠶᠢᠨ ᠳᠡᠭᠡᠳᠦ ᠰᠤᠷᠭᠠᠭᠤᠯᠢ ᠳᠤ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠵᠢᠭᠠᠬᠤ ᠶᠢᠨ ᠬᠠᠮᠲᠤ ᠴᠠᠭ ᠤᠨ ᠪᠠᠶᠢᠳᠠᠯ ᠲᠦᠷᠦ ᠶᠢᠨ ᠪᠤᠳᠤᠯᠭ᠎ᠠ ᠶᠢᠨ ᠮᠡᠳᠡᠭᠦᠯᠦᠯᠲᠡ ᠬᠢᠪᠡ
ᠨᠡᠶᠢᠲᠡᠯᠡᠭᠰᠡᠨ ᠴᠠᠭ᠄
2024/6/19
    6 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠵᠢᠨᠢᠩ ᠤᠨ ᠪᠠᠭᠰᠢ ᠶᠢᠨ ᠳᠡᠭᠡᠳᠦ ᠰᠤᠷᠭᠠᠭᠤᠯᠢ ᠳᠤ ᠬᠦᠷᠴᠦ᠂ ᠥᠷᠭᠡᠨ ᠣᠯᠠᠨ ᠪᠠᠭᠰᠢ ᠰᠤᠷᠤᠭᠴᠢᠳ ᠲᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠵᠢᠭᠠᠬᠤ ᠶᠢᠨ ᠬᠠᠮᠲᠤ ᠴᠠᠭ ᠤᠨ ᠪᠠᠶᠢᠳᠠᠯ ᠲᠥᠷᠥ ᠶᠢᠨ ᠪᠣᠳᠣᠯᠭ᠎ᠠ ᠶᠢᠨ ᠮᠡᠳᠡᠭᠦᠯᠦᠯᠲᠡ ᠬᠢᠪᠠ᠃     ᠮᠡᠳᠡᠭᠦᠯᠦᠯᠲᠡ ᠶᠢᠨ ᠬᠤᠷᠠᠯ ᠳᠡᠭᠡᠷ᠎ᠡ᠂ ᠰᠦᠢ ᠸᠧᠢ ᠵᠢᠶᠦ᠋ᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠥᠮᠦᠨ ᠪᠣᠯᠬᠤ ᠪᠠᠷ ᠴᠢᠷᠮᠠᠶᠢᠶ᠎ᠠ︾ ᠭᠡᠬᠦ ᠰᠡᠳᠦᠪ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ᠂ ᠠᠷᠭ᠎ᠠ ᠵᠠᠮ ᠵᠡᠷᠭᠡ ᠠᠭᠤᠯᠭ᠎ᠠ ᠶᠢᠨ ᠲᠣᠭᠤᠷᠢᠨ ᠳᠤ ᠥᠷᠭᠡᠨ ᠤᠯᠠᠨ ᠪᠠᠭᠰᠢ ᠰᠤᠷᠤᠭᠴᠢᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ᠂ ᠶᠡᠭᠡ ᠳᠡᠭᠡᠳᠦ ᠰᠤᠷᠭᠠᠭᠤᠯᠢ ᠨᠤᠭᠤᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ ᠪᠦᠬᠦ ᠶᠠᠪᠤᠴᠠ᠂ ᠡᠯ᠎ᠡ ᠲᠠᠯ᠎ᠠ ᠳᠤ ᠠᠭᠤᠰᠤᠯᠴᠠᠭᠤᠯᠵᠤ᠂ ᠶᠡᠭᠡ ᠳᠡᠭᠡᠳᠦ ᠰᠤᠷᠭᠠᠭᠤᠯᠢ ᠶᠢ ᠦᠨᠡᠨ ᠬᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠴᠢᠬᠤᠯᠠ ᠵᠢᠭᠰᠠᠭᠠᠯ ᠤᠨ ᠭᠠᠵᠠᠷ ᠪᠣᠯᠭᠠᠬᠤ ᠬᠡᠷᠡᠭᠲᠡᠢ ᠭᠡᠵᠦ ᠬᠡᠯᠡᠪᠡ᠃     ᠰᠦᠢ ᠸᠧᠢ ᠵᠢᠶᠦ᠋ᠨ᠂ ᠶᠡᠭᠡ ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠢ ᠰᠠᠶᠢᠲᠤᠷ ᠬᠢᠬᠦ ᠳᠤ ᠡᠷᠬᠡᠪᠰᠢ ᠨᠠᠮ ᠤᠨ ᠰᠤᠷᠭᠠᠨ ᠬᠥᠮᠦᠵᠢᠯ ᠤᠨ ᠦᠢᠯᠡᠰ ᠲᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠮ ᠤᠨ ᠬᠤᠷᠢᠶ᠎ᠠ ᠠᠳᠬᠤᠬᠤ᠂ ᠱᠦᠵᠢ ᠠᠳᠬᠤᠬᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠳᠬᠤᠬᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠠᠵᠢᠯ ᠢ ᠵᠢᠷᠤᠮᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠪᠠᠲᠤᠯᠠᠬᠤ ᠬᠡᠷᠡᠭᠲᠡᠢ︔ ᠦᠵᠡᠯ ᠰᠠᠨᠠᠭ᠎ᠠ ᠤᠯᠤᠰ ᠲᠦᠷᠦ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠨᠡᠯᠢᠶᠡᠳ ᠴᠢᠩᠭ᠎ᠠ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠴᠢᠳᠠᠪᠤᠷᠢ ᠲᠠᠢ ᠪᠠᠭᠰᠢ ᠶᠢ ᠬᠥᠮᠦᠵᠢᠭᠦᠯᠬᠦ ᠬᠡᠷᠡᠭᠲᠡᠢ︔ ᠲᠤᠰᠬᠠᠢ ᠡᠷᠳᠡᠮ ᠰᠢᠨᠵᠢᠯᠡᠭᠡᠨ ᠤ ᠰᠤᠳᠤᠯᠭᠠᠨ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠨᠤᠯ᠂ ᠲᠦᠷᠦ ᠶᠢᠨ ᠪᠤᠳᠤᠯᠭ᠎ᠠ ᠪᠠ ᠦᠢᠯᠡᠳᠦᠯᠭᠡ ᠶᠢᠨ ᠰᠤᠳᠤᠯᠭᠠᠨ ᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢ ᠪᠠᠲᠤ ᠴᠣᠭᠴᠠᠯᠠᠬᠤ ᠳᠤ ᠤᠨᠤᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠬᠡᠯᠡᠪᠡ᠃     ᠰᠦᠢ ᠸᠧᠢ ᠵᠢᠶᠦ᠋ᠨ᠂ ᠶᠡᠭᠡ ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠢ ᠰᠠᠶᠢᠲᠤᠷ ᠬᠢᠬᠦ ᠳᠤ ᠡᠷᠬᠡᠪᠰᠢ ᠤᠯᠠᠨ ᠲᠠᠯ᠎ᠠ ᠪᠠᠷ ᠬᠠᠮᠵᠢᠯᠴᠠᠨ ᠬᠥᠳᠡᠯᠦᠯᠴᠡᠵᠦ᠂ ᠰᠤᠷᠭᠠᠭᠤᠯᠢ᠂ ᠭᠡᠷ ᠪᠦᠯᠢ᠂ ᠨᠡᠶᠢᠭᠡᠮ ᠪᠦᠬᠦ ᠡᠯᠧᠮᠧᠨ᠋ᠲ ᠤᠨ ᠬᠥᠮᠦᠨ ᠬᠥᠮᠦᠵᠢᠭᠦᠯᠬᠦ ᠡᠬᠢ ᠪᠠᠶᠠᠯᠢᠭ ᠢ ᠵᠡᠷᠭᠡᠪᠡᠷ ᠠᠬᠢᠭᠤᠯᠵᠤ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ︽ᠬᠢᠴᠢᠶᠡᠯ ᠤᠨ ᠦᠵᠡᠯ ᠰᠠᠨᠠᠭ᠎ᠠ ᠤᠯᠤᠰ ᠲᠦᠷᠦ︾ ᠪᠣᠯᠤᠨ ︽ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ︾ ᠢ ᠬᠠᠮᠵᠢᠯᠴᠠᠨ ᠬᠥᠮᠦᠨ ᠬᠥᠮᠦᠵᠢᠭᠦᠯᠬᠦ ᠰᠢᠰᠲ᠋ᠧᠮ ᠤᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ︽ᠢᠨᠲ᠋ᠧᠷ ᠰᠦᠯᠵᠢᠶ᠎ᠡ + ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ︾ ᠢ ᠢᠳᠡᠪᠬᠢᠲᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠲᠣᠭᠠᠴᠢᠯᠠᠭᠰᠠᠨ ᠬᠢᠴᠢᠶᠡᠯ ᠤᠨ ᠪᠠᠶᠢᠭᠤᠯᠤᠯᠲᠠ ᠶᠢ ᠪᠠᠲᠤ ᠴᠣᠭᠴᠠᠯᠠᠬᠤ ᠬᠡᠷᠡᠭᠲᠡᠢ ᠭᠡᠵᠦ ᠬᠡᠯᠡᠪᠡ᠃     ᠰᠦᠢ ᠸᠧᠢ ᠵᠢᠶᠦ᠋ᠨ ᠥᠷᠭᠡᠨ ᠤᠯᠠᠨ ᠪᠠᠭᠰᠢ ᠰᠤᠷᠤᠭᠴᠢᠳ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ᠂ ᠪᠠᠭᠰᠢ ᠨᠠᠷ ᠤᠨ ᠶᠣᠰᠣ ᠰᠤᠷᠲᠠᠬᠤᠨ ᠢᠶᠠᠷ ᠪᠡᠶ᠎ᠡ ᠪᠠᠨ ᠵᠠᠰᠠᠵᠤ᠂ ᠨᠢᠭᠡ ᠰᠡᠳᠬᠢᠯ ᠢᠶᠠᠷ ᠰᠤᠷᠤᠯᠴᠠᠯᠭ᠎ᠠ ᠶᠢ ᠵᠠᠰᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠰᠤᠷᠤᠭᠴᠢᠳ ᠤᠨ ᠦᠰᠦᠨ ᠪᠤᠶᠢᠵᠢᠬᠤ ᠵᠠᠮ ᠳᠡᠭᠡᠷᠡᠬᠢ ᠰᠠᠶᠢᠨ ᠲᠠᠭᠠᠭᠤᠯᠤᠭᠴᠢ ᠪᠣᠯᠬᠤ ᠶᠢ ᠬᠦᠰᠡᠪᠡ᠃ ᠵᠠᠯᠠᠭᠤᠴᠤᠳ ᠰᠤᠷᠤᠭᠴᠢᠳ ᠢ ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠢᠮᠠᠭᠲᠠ ᠠᠯᠤᠰ ᠬᠡᠳᠦ ᠶᠢᠨ ᠵᠣᠷᠢᠯᠲᠠ ᠲᠠᠢ ᠪᠠᠶᠢᠵᠤ᠂ ᠤᠯᠤᠰ ᠲᠠᠭᠠᠨ ᠵᠢᠳᠬᠦᠬᠦ ᠢᠲᠡᠭᠡᠯ ᠵᠣᠷᠢᠭ ᠢ ᠪᠤᠢ ᠪᠣᠯᠭᠠᠬᠤ ᠬᠡᠷᠡᠭᠲᠡᠢ︔ ᠶᠣᠰᠣ ᠰᠤᠷᠲᠠᠬᠤᠨ ᠢ ᠡᠷᠬᠢᠮᠯᠡᠨ ᠴᠠᠶᠢᠯᠭᠠᠨ ᠰᠡᠳᠬᠢᠯ ᠲᠠᠢ ᠲᠥᠪ ᠰᠤᠷᠲᠠᠯ ᠢ ᠪᠤᠢ ᠪᠣᠯᠭᠠᠬᠤ ᠬᠡᠷᠡᠭᠲᠡᠢ︔ ᠰᠢᠨᠲᠠᠷᠠᠰᠢ ᠦᠭᠡᠢ ᠴᠢᠷᠮᠠᠶᠢᠵᠤ᠂ ᠪᠠᠭ᠎ᠠ ᠬᠦᠴᠦᠨ ᠢ ᠬᠤᠷᠠᠮᠳᠤᠭᠤᠯᠵᠤ ᠵᠤᠵᠠᠭᠠᠳᠬᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠥᠮᠦᠨ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠣᠷᠢᠭᠵᠢᠭᠤᠯᠪᠠ᠃     ᠸᠠᠩ ᠴᠠᠩ ᠰᠦᠩ᠂ ᠰᠦᠢ ᠵᠢᠶᠠᠨ ᠬᠤᠸᠠ ᠣᠷᠣᠯᠴᠠᠵᠠᠢ᠃                                       ᠣᠷᠴᠢᠭᠤᠯᠤᠭᠴᠢ᠄ ᠭᠤᠸ᠎ᠠ                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2