| | ︵ᠰᠢᠨᠬᠤᠸᠠ ᠬᠤᠷᠢᠶ᠎ᠠ ᠶᠢᠨ ᠰᠢᠨᠢᠩ ᠤᠨ 6 ᠰᠠᠷ᠎ᠠ ᠶᠢᠨ 20 ᠤ ᠴᠠᠭᠢᠯᠭᠠᠨ ᠮᠡᠳᠡᠭᠡ︶ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠬᠥᠬᠡᠨᠠᠭᠤᠷ ᠲᠤ ᠰᠢᠨᠵᠢᠯᠡᠨ ᠪᠠᠶᠢᠴᠠᠭᠠᠬᠤ ᠳᠠᠭᠠᠨ | ᠴᠢᠬᠤᠯᠠᠴᠢᠯᠠᠭᠰᠠᠨ ᠨᠢ᠂ ᠬᠥᠬᠡᠨᠠᠭᠤᠷ ᠤᠨ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠪᠦᠭᠦ ᠤᠯᠤᠰ ᠤᠨ ᠬᠥᠭᠵᠢᠯᠲᠡ ᠶᠢᠨ | ᠶᠡᠭᠡ ᠲᠠᠯ᠎ᠠ ᠳᠠᠬᠢ ᠬᠥᠬᠡᠨᠠᠭᠤᠷ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ | ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠨᠡᠭᠡᠭᠡᠯᠲᠡ ᠶᠢ ᠥᠷᠭᠡᠳᠬᠡᠬᠦ ᠶᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠳᠤᠯ ᠦᠭᠡᠢ ᠪᠠᠷ | ᠬᠥᠭᠵᠢᠭᠦᠯᠬᠦ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ᠂ ᠬᠠᠮᠲᠤ ᠪᠠᠷ ᠪᠠᠶᠠᠵᠢᠬᠤ ᠶᠢ ᠪᠠᠷᠢᠮᠲᠠᠯᠠᠵᠤ᠂ | ᠬᠥᠬᠡᠨᠠᠭᠤᠷ ᠲᠥᠪᠡᠳ ᠤᠨ ᠥᠨᠳᠦᠷᠯᠢᠭ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠠᠯ᠎ᠠ ᠪᠠᠷ ᠨᠠᠩ ᠶᠡᠭᠡ ᠠᠬᠢᠯᠲᠠ ᠲᠠᠢ ᠪᠣᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠬᠥᠬᠡᠨᠠᠭᠤᠷ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | | | | | 6 ᠰᠠᠷ᠎ᠠ ᠶᠢᠨ 18 ᠠᠴᠠ 19 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠬᠥᠬᠡᠨᠠᠭᠤᠷ ᠲᠤ ᠰᠢᠨᠵᠢᠯᠡᠨ ᠪᠠᠶᠢᠴᠠᠭᠠᠪᠠ᠃ ᠵᠢᠷᠤᠭ ᠪᠣᠯ 18 ᠤ ᠦᠳᠡ ᠶᠢᠨ ᠬᠤᠶᠢᠨ᠎ᠠ᠂ ᠰᠢ ᠶᠢᠨ ᠫᠢᠩ ᠭᠤᠯᠤᠭ | ᠰᠢᠨᠢᠩ ᠤᠨ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠰᠢᠨᠵᠢᠯᠡᠨ ᠪᠠᠶᠢᠴᠠᠭᠠᠬᠤ ᠳᠠᠭᠠᠨ ᠪᠠᠭᠰᠢ | ᠰᠤᠷᠤᠬᠴᠢᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | | | | | | 6 ᠰᠠᠷ᠎ᠠ ᠶᠢᠨ 18 ᠠᠴᠠ 19 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠬᠥᠬᠡᠨᠠᠭᠤᠷ ᠲᠤ ᠰᠢᠨᠵᠢᠯᠡᠨ ᠪᠠᠶᠢᠴᠠᠭᠠᠪᠠ᠃ ᠵᠢᠷᠤᠭ ᠪᠣᠯ 18 ᠤ ᠦᠳᠡ ᠶᠢᠨ ᠬᠤᠶᠢᠨ᠎ᠠ᠂ ᠰᠢ ᠶᠢᠨ ᠫᠢᠩ ᠰᠢᠨᠢᠩ | ᠬᠤᠳᠠ ᠶᠢᠨ ᠴᠧᠩ ᠵᠦᠩ ᠲᠣᠭᠤᠷᠢᠭ ᠲᠤ ᠪᠠᠶᠢᠷᠢᠯᠠᠵᠤ ᠪᠠᠶᠢᠭ᠎ᠠ ᠮᠠᠰᠢᠳᠠ ᠰᠡᠬᠡᠭᠡᠷᠡᠭᠦᠯᠦᠭᠴᠢ ᠬᠡᠶᠢᠳ ᠲᠤ | ᠰᠢᠨᠵᠢᠯᠡᠨ ᠪᠠᠶᠢᠴᠠᠭᠠᠵᠤ ᠪᠠᠶᠢᠭ᠎ᠠ ᠨᠢ᠃ | 6 ᠰᠠᠷ᠎ᠠ ᠶᠢᠨ 18 ᠠᠴᠠ 19 ᠤ ᠡᠳᠦᠷ ᠪᠤᠯᠲᠠᠯ᠎ᠠ᠂ ᠰᠢ ᠶᠢᠨ ᠫᠢᠩ ᠬᠥᠬᠡᠨᠠᠭᠤᠷ ᠮᠤᠵᠢ ᠶᠢᠨ ᠨᠠᠮ ᠤᠨ | ᠬᠤᠷᠢᠶ᠎ᠠ ᠶᠢᠨ ᠱᠦᠵᠢ ᠴᠧᠨ ᠭᠠᠩ ᠪᠣᠯᠣᠨ ᠮᠤᠵᠢ ᠶᠢᠨ ᠳᠠᠷᠤᠭ᠎ᠠ ᠦ᠋ ᠰᠢᠶᠣᠣ ᠵᠢᠶᠦ᠋ᠨ ᠤ ᠪᠠᠷ᠎ᠠ ᠪᠤᠯᠣᠯᠭ᠎ᠠ ᠲᠠᠢ ᠪᠠᠷ | ᠰᠢᠨᠢᠩ ᠬᠤᠲᠠ ᠶᠢᠨ ᠰᠤᠷᠭᠠᠭᠤᠯᠢ᠂ ᠱᠠᠰᠢᠨ ᠰᠤᠷᠲᠠᠬᠤᠨ ᠤ ᠲᠠᠯᠠᠪᠤᠷ ᠭᠠᠵᠠᠷ ᠲᠤ ᠭᠦᠨᠵᠡᠭᠡᠶᠢᠷᠡᠨ ᠪᠠᠶᠢᠴᠠᠭᠠᠨ | ᠰᠤᠳᠤᠯᠪᠠ᠃ | 18 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠭᠤᠯᠤᠭ ᠰᠢᠨᠢᠩ ᠤᠨ ᠦᠨᠳᠦᠰᠦᠲᠡᠨ ᠤ | ᠳᠤᠮᠳᠠᠳᠤ ᠰᠤᠷᠭᠠᠭᠤᠯᠢ ᠳᠤ ᠬᠦᠷᠴᠦ ᠰᠢᠨᠵᠢᠯᠡᠨ ᠪᠠᠶᠢᠴᠠᠭᠠᠪᠠ᠃ ᠡᠨᠡ ᠪᠣᠯ ᠭᠤᠯᠤᠭ ᠲᠥᠪᠡᠳ ᠦᠨᠳᠦᠰᠦᠲᠡᠨ ᠤ | ᠥᠪᠡᠷᠲᠡᠭᠡᠨ ᠵᠠᠰᠠᠬᠤ ᠵᠧᠦ ᠳᠤ ᠬᠠᠷᠢᠶᠠᠯᠠᠭᠳᠠᠬᠤ ᠪᠠᠶᠢᠷᠢ ᠳᠤ ᠰᠠᠭᠤᠬᠤ ᠳᠦᠷᠢᠮᠲᠦ ᠳᠤᠮᠳᠠᠳᠤ ᠰᠤᠷᠭᠠᠭᠤᠯᠢ ᠪᠠᠶᠢᠵᠤ᠂ | ᠱᠠᠩᠬᠠᠢ ᠬᠤᠲᠠ ᠠᠴᠠ ᠪᠡᠯᠡ ᠣᠷᠣᠭᠤᠯᠤᠨ ᠲᠤᠰᠠᠯᠠᠨ ᠪᠠᠶᠢᠭᠤᠯᠪᠠ᠃ ᠰᠢ ᠶᠢᠨ ᠫᠢᠩ ᠱᠠᠩᠬᠠᠢ ᠵᠡᠷᠭᠡ ᠵᠡᠭᠦᠨ | ᠬᠡᠰᠡᠭ ᠤᠨ ᠭᠠᠵᠠᠷ ᠣᠷᠣᠨ ᠤ ᠬᠥᠬᠡᠨᠠᠭᠤᠷ ᠤᠨ ᠰᠤᠷᠭᠠᠨ ᠬᠥᠮᠦᠵᠢᠯ ᠤᠨ ᠠᠵᠢᠯ ᠪᠠ ᠰᠤᠷᠭᠠᠭᠤᠯᠢ ᠶᠢᠨ ᠪᠦᠲᠦᠭᠡᠨ | ᠪᠠᠶᠢᠭᠤᠯᠤᠯᠲᠠ ᠶᠢ ᠲᠤᠰᠠᠯᠠᠭᠰᠠᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠰᠤᠷᠤᠬᠴᠢᠳ ᠤᠨ ᠪᠦᠷᠢᠯᠳᠦᠴᠡ᠂ | ᠬᠢᠴᠢᠶᠡᠯ ᠤᠨ ᠲᠣᠬᠢᠷᠠᠭᠤᠯᠤᠯᠲᠠ᠂ ᠪᠡᠶ᠎ᠡ ᠶᠢᠨ ᠲᠠᠮᠢᠷ ᠤᠨ ᠪᠣᠯᠪᠠᠰᠤᠷᠠᠯ᠂ ᠨᠡᠶᠢᠲᠡᠯᠢᠭ ᠬᠡᠯᠡᠨ ᠤ ᠲᠦᠪᠰᠢᠨ ᠵᠡᠷᠭᠡ | ᠪᠠᠶᠢᠳᠠᠯ ᠢ ᠨᠠᠷᠢᠯᠢᠭ ᠠᠰᠠᠭᠤᠵᠤ᠂ ᠬᠤᠭᠤᠯᠠᠨ ᠭᠡᠷ᠂ ᠪᠠᠶᠢᠷᠢ ᠶᠢᠨ ᠠᠰᠠᠷ ᠲᠤ ᠣᠷᠣᠵᠤ ᠰᠤᠷᠤᠬᠴᠢᠳ ᠤᠨ | ᠬᠤᠭᠤᠯᠠ ᠢᠳᠡᠬᠦ ᠪᠠ ᠬᠤᠨᠣᠬᠤ ᠨᠥᠬᠦᠴᠡᠯ ᠢ ᠪᠠᠶᠢᠴᠠᠭᠠᠨ ᠦᠵᠡᠵᠦ᠂ ᠬᠤᠭᠤᠯᠠᠨ ᠭᠡᠷ ᠤᠨ ᠠᠵᠢᠯᠲᠠᠳ ᠲᠤ | ᠡᠷᠬᠡᠪᠰᠢ ᠰᠤᠷᠤᠬᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ᠂ ᠰᠢᠮ᠎ᠡ ᠲᠡᠵᠢᠭᠡᠯ ᠲᠠᠢ ᠠᠮᠲᠠᠲᠠᠢ | ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃ ᠲᠠᠷᠠᠭ᠎ᠠ ᠨᠢ᠂ ᠲᠡᠷᠡ ᠥᠨᠳᠥᠷ ᠳᠤᠮᠳᠠᠳᠤ ᠶᠢᠨ ᠨᠢᠭᠡᠳᠦᠭᠡᠷ | ᠣᠨ ᠤ ︵1︶ ᠠᠩᠭᠢ ᠶᠢᠨ ᠬᠢᠴᠢᠶᠡᠯ ᠤᠨ ᠭᠡᠷ ᠲᠤ ᠬᠦᠷᠴᠦ᠂ ︽ᠰᠢᠨ᠎ᠡ ᠴᠠᠭ ᠦᠶ᠎ᠡ᠂ ᠰᠢᠨ᠎ᠡ ᠨᠤᠲᠤᠭ ᠤᠰᠤ︾ | ᠭᠡᠬᠦ ᠭᠤᠣᠯ ᠰᠡᠳᠦᠪᠲᠦ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠲᠣᠭᠤᠷᠢᠨ ᠦᠵᠡᠪᠡ᠃ | ᠰᠤᠷᠭᠠᠭᠤᠯᠢ ᠶᠢᠨ ᠬᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠠᠭᠤᠯᠭ᠎ᠠ ᠶᠢ ᠡᠳᠦᠷ ᠳᠤᠳᠤᠮ ᠤᠨ | ᠵᠢᠭᠠᠨ ᠰᠤᠷᠭᠠᠯᠲᠠ ᠳᠠᠭᠠᠨ ᠠᠭᠤᠰᠤᠯᠴᠠᠭᠤᠯᠵᠤ᠂ ᠬᠡᠦᠬᠡᠳ ᠤᠳ ᠤᠨ ᠰᠢᠨ᠎ᠡ ᠴᠠᠭ ᠦᠶ᠎ᠡ ᠶᠢᠨ ᠨᠤᠲᠤᠭ | ᠤᠰᠤᠨ ᠤ ᠪᠠᠨ ᠪᠠᠶᠠᠷᠯᠠᠭᠤᠰᠢᠲᠠᠢ ᠬᠤᠪᠢᠷᠠᠯᠲᠠ ᠶᠢ ᠶᠠᠷᠢᠬᠤ ᠶᠢ ᠰᠣᠨᠣᠰᠴᠤ᠂ ᠬᠡᠦᠬᠡᠳ ᠤᠳ ᠤᠨ ᠵᠢᠷᠤᠭ | ᠪᠦᠲᠦᠭᠡᠯ ᠢ ᠦᠵᠡᠭᠡᠳ ᠰᠢ ᠶᠢᠨ ᠫᠢᠩ ᠮᠠᠰᠢ ᠪᠠᠶᠠᠷᠯᠠᠪᠠ᠃ ᠲᠡᠷᠡ᠂ ᠰᠤᠷᠭᠠᠨ ᠬᠥᠮᠦᠵᠢᠯ ᠢ ᠪᠠᠭᠲᠠᠭᠠᠭᠰᠠᠨ ᠵᠡᠭᠦᠨ | ᠪᠠᠷᠠᠭᠤᠨ ᠣᠷᠣᠨ ᠤ ᠬᠠᠮᠵᠢᠯᠴᠠᠭ᠎ᠠ ᠪᠣᠯᠣᠨ ᠠᠵᠢᠯ ᠲᠦᠷᠦᠯ ᠢᠶᠠᠷ ᠢᠶᠠᠨ ᠲᠤᠰᠠᠯᠠᠬᠤ ᠠᠵᠢᠯ ᠢᠯᠡᠳᠲᠡ ᠦᠷ᠎ᠡ | ᠪᠦᠲᠦᠮᠵᠢ ᠣᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯᠣᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠢᠯᠡᠷᠡᠭᠦᠯᠵᠦ᠂ ᠳᠤᠮᠳᠠᠳᠤ ᠶᠢᠨ | ᠦᠨᠳᠦᠰᠦᠲᠡᠨ ᠤ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠭᠦᠢᠴᠡᠳ ᠢᠯᠡᠷᠡᠭᠦᠯᠪᠡ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠭᠤᠯᠢ ᠶᠢᠨ ᠦᠵᠡᠯ | ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠨᠢᠭᠡᠨ ᠭᠤᠣᠯᠳᠠᠯᠭ᠎ᠠ ᠪᠤᠯᠭᠠᠵᠤ᠂ ᠳᠤᠮᠳᠠᠳᠤ ᠤᠯᠤᠰ ᠤᠨ ᠡᠪ ᠬᠠᠮᠲᠤ | ᠨᠠᠮ ᠪᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠯᠢᠭᠡᠷ ᠢ ᠰᠠᠶᠢᠲᠤᠷ ᠶᠠᠷᠢᠵᠤ᠂ ᠰᠢᠨ᠎ᠡ | ᠴᠠᠭ ᠦᠶ᠎ᠡ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠤᠭᠰᠠᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠪᠠ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠭ᠎ᠠ ᠨᠠᠰᠤᠨ ᠠᠴᠠ ᠨᠢ ᠬᠡᠦᠬᠡᠳ ᠤᠨ ᠰᠡᠳᠬᠢᠯ ᠳᠤ ᠬᠠᠳᠠᠩᠰᠢᠭᠤᠯᠬᠤ | ᠬᠡᠷᠡᠭᠲᠡᠢ ᠭᠡᠪᠡ᠃ | ᠵᠢᠭᠠᠨ ᠰᠤᠷᠭᠠᠬᠤ ᠠᠰᠠᠷ ᠤᠨ ᠡᠮᠦᠨᠡᠬᠢ ᠠᠭᠤᠳᠠᠮ ᠲᠠᠯᠠᠪᠠᠢ ᠳᠤ᠂ ᠪᠠᠭᠰᠢ ᠰᠤᠷᠤᠬᠴᠢᠳ ᠬᠤᠶᠢᠨ᠎ᠠ | ᠬᠤᠶᠢᠨ᠎ᠠ ᠠᠴᠠ ᠪᠠᠨ ᠬᠦᠷᠢᠶᠡᠯᠡᠨ ᠢᠷᠡᠵᠦ᠂ ᠥᠨᠳᠥᠷ ᠳᠠᠭᠤᠨ ᠢᠶᠠᠷ ᠶᠡᠷᠦᠩᠬᠡᠢ ᠱᠦᠵᠢ ᠶᠢᠨ ᠠᠮᠤᠷ ᠢ ᠠᠰᠠᠭᠤᠪᠠ᠃ | ᠰᠢ ᠶᠢᠨ ᠫᠢᠩ ᠤᠯᠠᠨ ᠳᠤ᠂ ᠪᠢ ᠰᠢᠨᠢᠩ ᠳᠤ ᠬᠦᠷᠴᠦ ᠢᠷᠡᠭᠰᠡᠨ ᠤ ᠲᠠᠷᠠᠭ᠎ᠠ ᠡᠩ ᠲᠡᠷᠢᠭᠦᠨ ᠳᠤ ᠪᠠᠭᠰᠢ ᠪᠣᠯᠣᠨ | ᠰᠤᠷᠤᠬᠴᠢᠳ ᠢ ᠡᠷᠭᠢᠵᠦ ᠦᠵᠡᠬᠦ ᠪᠠᠷ ᠢᠷᠡᠯ᠎ᠡ᠃ ᠱᠠᠩᠬᠠᠢ ᠠᠴᠠ ᠲᠤᠰᠠᠯᠠᠨ ᠪᠦᠲᠦᠭᠡᠨ ᠪᠠᠶᠢᠭᠤᠯᠤᠭᠰᠠᠨ ᠡᠨᠡ ᠬᠦ | ᠳᠤᠮᠳᠠᠳᠤ ᠰᠤᠷᠭᠠᠭᠤᠯᠢ ᠭᠤᠯᠤᠭ ᠤᠨ ᠮᠠᠯᠵᠢᠬᠤ ᠣᠷᠣᠨ ᠠᠴᠠ ᠢᠷᠡᠭᠰᠡᠨ ᠡᠯ᠎ᠡ ᠦᠨᠳᠦᠰᠦᠲᠡᠨ ᠤ ᠬᠡᠦᠬᠡᠳ ᠢ | ᠬᠥᠮᠥᠵᠢᠭᠦᠯᠦᠭᠡᠳ ᠢᠯᠡᠳᠲᠡ ᠦᠷ᠎ᠡ ᠪᠦᠲᠦᠮᠵᠢ ᠣᠯᠵᠤ᠂ ᠠᠯᠤᠰ ᠭᠡᠲᠦ ᠶᠢᠨ ᠠᠴᠢ ᠬᠤᠯᠪᠣᠭᠳᠠᠯ ᠲᠠᠢ ᠶᠤᠮ᠃ | ᠬᠡᠦᠬᠡᠳ ᠤᠳ ᠠᠳᠡᠬᠢ ᠰᠠᠶᠢᠨ ᠰᠠᠶᠢᠬᠠᠨ ᠨᠥᠬᠦᠴᠡᠯ ᠢ ᠨᠡᠩ ᠨᠠᠨᠳᠢᠩᠨᠠᠵᠤ᠂ ᠠᠴᠢ ᠡᠨᠡᠷᠢᠯ ᠳᠤ ᠲᠠᠯᠠᠷᠬᠠᠵᠤ᠂ | ᠰᠠᠶᠢᠲᠤᠷ ᠰᠤᠷᠤᠯᠴᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ | ᠪᠦᠭᠦ ᠲᠠᠯ᠎ᠠ ᠪᠠᠷ ᠬᠥᠭᠵᠢᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ | ᠵᠠᠯᠭᠠᠮᠵᠢᠯᠠᠭᠴᠢ ᠪᠠ ᠪᠦᠲᠦᠭᠡᠨ ᠪᠠᠶᠢᠭᠤᠯᠤᠭᠴᠢ ᠪᠤᠯᠬᠤ ᠪᠠᠷ ᠵᠣᠷᠢᠭ ᠰᠢᠭᠤᠳᠴᠤ᠂ ᠥᠪᠡᠷ ᠤᠨ ᠠᠮᠢᠳᠤᠷᠠᠯ ᠳᠠᠭᠠᠨ | ᠭᠡᠷᠡᠯ ᠭᠢᠯᠪᠠᠭ᠎ᠠ ᠪᠠᠨ ᠰᠠᠴᠤᠷᠠᠭᠤᠯᠬᠤ ᠠᠵᠠ ᠲᠣᠭᠢᠶᠠᠯ ᠣᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠦ | ᠳᠣᠲᠣᠨᠣ ᠪᠠᠷ ᠬᠡᠯᠡᠪᠡ᠃ ᠲᠡᠷᠡ ᠬᠡᠦᠬᠡᠳ ᠤᠳ ᠤᠨ ᠰᠤᠷᠤᠯᠭ᠎ᠠ ᠶᠢᠨ ᠥᠨᠳᠥᠷ ᠠᠮᠵᠢᠯᠲᠠ᠂ ᠡᠷᠡᠭᠦᠯ ᠴᠢᠭᠢᠷᠠᠭ ᠢᠶᠠᠷ | ᠥᠰᠦᠨ ᠪᠤᠶᠢᠵᠢᠬᠤ ᠶᠢ ᠬᠦᠰᠡᠨ ᠵᠥᠩᠨᠡᠪᠡ᠃ | ᠲᠠᠷᠠᠭ᠎ᠠ ᠨᠢ᠂ ᠰᠢ ᠶᠢᠨ ᠫᠢᠩ ᠰᠢᠨᠢᠩ ᠬᠤᠳᠠ ᠶᠢᠨ ᠴᠧᠩ ᠵᠦᠩ ᠲᠣᠭᠤᠷᠢᠭ ᠤᠨ ᠮᠠᠰᠢᠳᠠ | ᠰᠡᠬᠡᠭᠡᠷᠡᠭᠦᠯᠦᠭᠴᠢ ᠬᠡᠶᠢᠳ ᠲᠤ ᠭᠦᠷᠪᠡ᠃ ᠬᠡᠶᠢᠳ ᠤᠨ ᠡᠮᠦᠨᠡᠬᠢ ᠬᠦᠷᠢᠶᠡᠨ ᠳᠤ᠂ ᠮᠠᠰᠢᠳᠠ ᠰᠡᠬᠡᠭᠡᠷᠡᠭᠦᠯᠦᠭᠴᠢ | ᠬᠡᠶᠢᠳ ᠤᠨ ᠠᠷᠠᠳᠴᠢᠯᠠᠭᠰᠠᠨ ᠬᠠᠮᠢᠶᠠᠷᠤᠯᠲᠠ ᠶᠢᠨ ᠵᠥᠪᠯᠡᠯ ᠤᠨ ᠬᠠᠷᠢᠭᠤᠴᠠᠯᠭᠠᠲᠠᠨ ᠠᠴᠠ ᠶᠡᠷᠦᠩᠬᠡᠢ ᠱᠦᠵᠢ ᠳᠤ | ᠬᠠᠳᠠᠭ ᠪᠠᠷᠢᠵᠤ᠂ ᠯᠠᠮᠠ ᠬᠤᠸᠠᠷᠠᠭ ᠭᠦᠯᠢᠰ ᠡᠷᠭᠦᠵᠦ᠂ ᠡᠷᠳᠡᠨᠢ ᠰᠢᠬᠦᠷ ᠪᠠᠷᠢᠵᠤ ᠶᠡᠷᠦᠩᠬᠡᠢ ᠱᠦᠵᠢ ᠶᠢ ᠤᠭᠲᠤᠪᠠ᠃ | ᠰᠢ ᠶᠢᠨ ᠫᠢᠩ ᠬᠥᠬᠡᠨᠠᠭᠤᠷ ᠮᠤᠵᠢ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ | ᠰᠠᠭᠤᠷᠢᠨ ᠤ ᠳᠡᠯᠭᠡᠨ ᠦᠵᠡᠭᠦᠯᠭᠡ ᠵᠡᠷᠭᠡ ᠶᠢ ᠲᠣᠭᠤᠷᠢᠨ ᠦᠵᠡᠵᠦ᠂ ᠰᠦᠮ᠎ᠡ ᠬᠡᠶᠢᠳ ᠤᠨ ᠲᠡᠦᠬᠡ ᠶᠢᠨ ᠤᠯᠠᠷᠢᠯ | ᠬᠤᠪᠢᠰᠤᠯ᠂ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠦᠨᠳᠦᠰᠦᠲᠡᠨ ᠤ ᠠᠵᠢᠯ ᠪᠣᠯᠣᠨ ᠱᠠᠰᠢᠨ | ᠰᠤᠷᠲᠠᠬᠤᠨ ᠤ ᠠᠵᠢᠯ ᠢ ᠬᠠᠯᠠᠮᠵᠢᠯᠠᠨ ᠠᠬᠢᠭᠤᠯᠤᠭᠰᠠᠨ ᠪᠠᠶᠢᠳᠠᠯ ᠢ ᠣᠶᠢᠯᠠᠭᠠᠪᠠ᠃ ᠲᠡᠷᠡ ᠶᠡᠭᠡ ᠳᠤᠭᠠᠩ ᠳᠤ | ᠣᠷᠣᠵᠤ᠂ ᠰᠦᠮ᠎ᠡ ᠬᠡᠶᠢᠳ ᠤᠨ ᠡᠳᠦᠷ ᠲᠤᠳᠤᠮ ᠤᠨ ᠬᠠᠮᠢᠶᠠᠷᠤᠯᠲᠠ ᠪᠠᠨ ᠴᠢᠩᠭᠠᠳᠬᠠᠵᠤ᠂ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢ ᠠᠬᠢᠭᠤᠯᠤᠭᠰᠠᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠰᠢ ᠶᠢᠨ ᠫᠢᠩ᠂ | ᠮᠠᠰᠢᠳᠠ ᠰᠡᠬᠡᠭᠡᠷᠡᠭᠦᠯᠦᠭᠴᠢ ᠬᠡᠶᠢᠳ ᠡᠨᠡ ᠬᠦ ᠮᠢᠩᠭᠠᠨ ᠣᠨ ᠤ ᠡᠷᠲᠡᠨ ᠤ ᠰᠦᠮ᠎ᠡ ᠨᠢ ᠤᠯᠠᠨ ᠦᠶ᠎ᠡ ᠶᠢᠨ | ᠲᠥᠪ ᠤᠨ ᠵᠠᠰᠠᠭ ᠤᠨ ᠣᠷᠳᠣᠨ ᠪᠣᠯᠣᠨ ᠲᠥᠪᠡᠳ ᠤᠨ ᠪᠤᠳ᠋ᠳ᠋ᠾᠠ ᠶᠢᠨ ᠱᠠᠰᠢᠨ ᠤ ᠬᠠᠷᠢᠯᠴᠠᠭ᠎ᠠ ᠶᠢ ᠨᠡᠮᠡᠭᠳᠡᠭᠦᠯᠬᠦ | ᠲᠠᠯ᠎ᠠ ᠪᠠᠷ ᠴᠢᠬᠤᠯᠠ ᠬᠥᠭᠦᠷᠭᠡ ᠬᠤᠯᠪᠣᠭᠠᠰᠤ ᠶᠢᠨ ᠦᠢᠯᠡᠳᠦᠯ ᠦᠵᠡᠭᠦᠯᠵᠡᠢ᠃ ᠡᠨᠡ ᠬᠦ ᠬᠤᠪᠣᠷ ᠨᠠᠨᠳᠢᠨ ᠲᠡᠦᠬᠡ | ᠰᠣᠶᠣᠯ ᠤᠨ ᠥᠪ ᠢ ᠰᠠᠶᠢᠲᠤᠷ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠳᠤ ᠰᠢᠨ᠎ᠡ ᠬᠤᠪᠢ | ᠨᠡᠮᠡᠷᠢ ᠦᠵᠡᠭᠦᠯᠭᠦ ᠬᠡᠷᠡᠭᠲᠡᠢ᠃ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠠᠴᠠ ᠰᠤᠷᠤᠯᠴᠠᠵᠤ᠂ ᠰᠢᠨ᠎ᠡ ᠴᠠᠭ | ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ᠂ ᠦᠨᠳᠦᠰᠦᠲᠡᠨ ᠤ ᠠᠵᠢᠯ᠂ ᠱᠠᠰᠢᠨ ᠰᠤᠷᠲᠠᠬᠤᠨ ᠤ ᠠᠵᠢᠯ ᠢ | ᠨᠡᠩ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠳᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠥᠷᠭᠡᠨ ᠣᠯᠠᠨ ᠰᠦᠰᠦᠭᠲᠡᠨ ᠣᠯᠠᠨ | ᠲᠦᠮᠡᠨ ᠢ ᠪᠠᠭᠲᠠᠭᠠᠭᠰᠠᠨ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ | ᠲᠡᠮᠡᠴᠡᠬᠦ ᠶᠢ ᠱᠠᠭᠠᠷᠳᠠᠵᠤ ᠪᠠᠶᠢᠨ᠎ᠠ᠃ ᠬᠥᠬᠡᠨᠠᠭᠤᠷ ᠤᠨ ᠲᠥᠪᠡᠳ ᠤᠨ ᠪᠤᠳ᠋ᠳ᠋ᠾᠠ ᠶᠢᠨ ᠱᠠᠰᠢᠨ ᠤ ᠡᠲᠡᠭᠡᠳ ᠤᠨ ᠬᠢᠨ | ᠤᠯᠤᠰ ᠢᠶᠠᠨ ᠬᠠᠶᠢᠷᠠᠯᠠᠵᠤ ᠱᠠᠰᠢᠨ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠱᠠᠰᠢᠨ | ᠰᠤᠷᠲᠠᠬᠤᠨ ᠡᠶ᠎ᠡ ᠨᠠᠶᠢᠷᠠᠮᠳᠠᠭᠤ᠂ ᠨᠡᠶᠢᠭᠡᠮ ᠡᠶ᠎ᠡ ᠵᠣᠬᠢᠴᠠᠩᠭᠤᠢ᠂ ᠦᠨᠳᠦᠰᠦᠲᠡᠨ ᠡᠶ᠎ᠡ ᠨᠠᠶᠢᠷᠲᠠᠢ ᠪᠠᠶᠢᠬᠤ ᠶᠢ | ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤ ᠢᠳᠡᠪᠬᠢᠲᠡᠢ ᠦᠢᠯᠡᠳᠦᠯ | ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | 19 ᠤ ᠦᠳᠡ ᠶᠢᠨ ᠡᠮᠦᠨ᠎ᠡ᠂ ᠰᠢ ᠶᠢᠨ ᠫᠢᠩ ᠬᠥᠬᠡᠨᠠᠭᠤᠷ ᠮᠤᠵᠢ ᠶᠢᠨ ᠨᠠᠮ ᠤᠨ ᠬᠤᠷᠢᠶ᠎ᠠ ᠪᠣᠯᠣᠨ | ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠥᠬᠡᠨᠠᠭᠤᠷ ᠤᠨ ᠡᠯ᠎ᠡ ᠵᠦᠢᠯ ᠤᠨ | ᠠᠵᠢᠯ ᠤᠨ ᠣᠯᠣᠭᠰᠠᠨ ᠬᠢᠷᠢ ᠪᠦᠲᠦᠮᠵᠢ ᠶᠢ ᠨᠤᠲᠠᠯᠠᠪᠠ᠃ | ᠰᠢ ᠶᠢᠨ ᠫᠢᠩ᠂ ᠬᠥᠬᠡᠨᠠᠭᠤᠷ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠂ ᠠᠵᠤ ᠦᠢᠯᠡᠰ ᠤᠨ ᠬᠥᠭᠵᠢᠯᠲᠡ ᠳᠤ ᠡᠷᠬᠡᠪᠰᠢ ᠬᠢᠬᠦ ᠶᠣᠰᠣᠲᠠᠢ ᠶᠢ ᠨᠢ | ᠬᠢᠵᠦ᠂ ᠬᠢᠬᠦ ᠴᠢᠬᠤᠯᠠ ᠦᠭᠡᠢ ᠶᠢ ᠨᠢ ᠬᠢᠬᠦ ᠦᠭᠡᠢ ᠪᠠᠶᠢᠬᠤ ᠶᠢ ᠪᠠᠷᠢᠮᠲᠠᠯᠠᠵᠤ᠂ ᠲᠤᠬᠠᠢ ᠶᠢᠨ ᠭᠠᠵᠠᠷ ᠤᠨ ᠣᠨᠴᠠᠯᠢᠭ | ᠪᠠ ᠳᠠᠪᠠᠭᠤᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠤᠶᠢᠵᠢᠭᠤᠯᠬᠤ | ᠬᠡᠷᠡᠭᠲᠡᠢ᠃ ᠡᠬᠢ ᠪᠠᠶᠠᠯᠢᠭ ᠤᠨ ᠡᠯᠧᠮᠧᠨ᠋ᠲ ᠢ ᠪᠦᠲᠦᠮᠵᠢᠲᠡᠢ ᠲᠥᠪᠯᠡᠷᠡᠭᠦᠯᠵᠦ᠂ ᠳᠡᠯᠡᠬᠡᠢ ᠶᠢᠨ ᠲᠡᠰ ᠤᠨ ᠳᠠᠪᠤᠰᠤᠨ | ᠨᠠᠭᠤᠷ ᠤᠨ ᠠᠵᠤ ᠦᠢᠯᠡᠰ ᠤᠨ ᠰᠠᠭᠤᠷᠢᠨ ᠢ ᠲᠦᠷᠭᠡᠳᠬᠡᠨ ᠪᠠᠶᠢᠭᠤᠯᠵᠤ᠂ ᠤᠯᠤᠰ ᠤᠨ ᠴᠡᠪᠡᠷ ᠡᠨᠧᠷᠭᠢ ᠶᠢᠨ ᠠᠵᠤ | ᠦᠢᠯᠡᠰ ᠤᠨ ᠥᠨᠳᠦᠷᠯᠢᠭ᠂ ᠤᠯᠠᠨ ᠤᠯᠤᠰ ᠤᠨ ᠠᠮᠢ ᠠᠬᠤᠢ ᠶᠢᠨ ᠵᠢᠭᠤᠯᠴᠢᠯᠠᠯ ᠤᠨ ᠬᠠᠷᠠᠯᠲᠠᠲᠤ ᠭᠠᠵᠠᠷ᠂ | ᠪᠣᠬᠢᠷᠳᠤᠯ ᠦᠭᠡᠢ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠭᠠᠷᠭᠠᠬᠤ | ᠭᠠᠵᠠᠷ ᠢ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠ ᠦᠷ᠎ᠡ | ᠪᠦᠲᠦᠭᠡᠯ ᠢᠶᠠᠨ ᠤᠯᠠᠷᠢᠭᠤᠯᠬᠤ ᠶᠢ ᠬᠤᠶᠠᠷ ᠲᠠᠯ᠎ᠠ ᠪᠠᠷ ᠠᠳᠬᠤᠬᠤ ᠶᠢ ᠪᠠᠷᠢᠮᠲᠠᠯᠠᠨ᠂ ᠰᠢᠨ᠎ᠡ ᠮᠡᠷᠭᠡᠵᠢᠯ ᠢ | ᠥᠷᠭᠡᠨ ᠢᠶᠠᠷ ᠬᠡᠷᠡᠭᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠯᠠᠮᠵᠢᠯᠠᠯᠲᠤ ᠠᠵᠤ ᠦᠢᠯᠡᠰ ᠢ | ᠥᠭᠡᠷᠡᠴᠢᠯᠡᠨ ᠳᠡᠭᠡᠭᠰᠢᠯᠡᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ | ᠬᠥᠭᠵᠢᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠬᠤ ᠬᠡᠷᠡᠭᠲᠡᠢ᠃ | ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠨᠡᠭᠡᠭᠡᠯᠲᠡ ᠶᠢ ᠥᠷᠭᠡᠳᠬᠡᠨ᠂ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ | ᠬᠥᠭᠵᠢᠯᠲᠡ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ | ᠪᠣᠬᠢᠷᠳᠤᠯ ᠦᠭᠡᠢ ᠲᠣᠷᠭᠠᠨ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠮᠤᠵᠢ ᠶᠢᠨ | ᠳᠣᠲᠣᠷᠠᠬᠢ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ᠂ ᠰᠢᠨᠢᠩ᠂ ᠬᠠᠢ | ᠳ᠋ᠦᠩ᠂ ᠬᠠᠶᠢᠰᠢ ᠶᠢᠨ ᠲᠤᠯᠭᠠᠭᠤᠷᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠰᠢᠶᠠᠨ ᠤ ᠬᠡᠪᠴᠢᠶᠡᠨ ᠤ ᠠᠵᠤ ᠠᠬᠤᠢ᠂ ᠣᠨᠴᠠᠯᠢᠭᠲᠤ ᠠᠵᠤ ᠦᠢᠯᠡᠰ ᠢ | ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠬᠡᠨᠠᠭᠤᠷ ᠲᠥᠪᠡᠳ ᠤᠨ ᠥᠨᠳᠦᠷᠯᠢᠭ ᠤᠨ ᠠᠮᠢ ᠠᠬᠤᠢ ᠶᠢᠨ ᠰᠢᠰᠲ᠋ᠧᠮ ᠡᠯᠪᠡᠭ ᠪᠠᠶᠠᠯᠢᠭ | ᠤᠯᠠᠨ ᠶᠠᠩᠵᠤ ᠶᠢᠨ ᠪᠤᠯᠪᠠᠴᠤ ᠲᠦᠢᠯ ᠤᠨ ᠬᠡᠪᠡᠷᠡᠭ ᠪᠠᠶᠢᠳᠠᠭ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠢ ᠶᠢᠨ ᠴᠢᠳᠠᠮᠵᠢ ᠶᠢ ᠬᠠᠮᠤᠭ ᠤᠨ ᠶᠡᠭᠡ ᠪᠠᠷ ᠪᠡᠶᠡᠯᠡᠭᠦᠯᠬᠦ ᠪᠣᠯ ᠡᠨᠡ | ᠬᠦ ᠣᠷᠣᠨ ᠪᠦᠰᠡ ᠶᠢᠨ ᠭᠤᠣᠯ ᠡᠭᠦᠷᠭᠡ ᠪᠣᠯᠣᠨ᠎ᠠ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠳᠤᠯ | ᠦᠭᠡᠢ ᠪᠠᠷ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠬᠥᠬᠡᠨᠠᠭᠤᠷ ᠲᠥᠪᠡᠳ ᠤᠨ ᠥᠨᠳᠦᠷᠯᠢᠭ ᠤᠨ ᠠᠮᠢ | ᠠᠬᠤᠢ ᠶᠢ ᠬᠠᠮᠠᠭᠠᠯᠠᠬᠤ ᠬᠠᠤᠯᠢ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠭᠤᠣᠯ ᠴᠣᠭᠴᠠ ᠶᠢᠨ ᠴᠢᠳᠠᠮᠵᠢᠲᠤ | ᠣᠷᠣᠨ ᠤ ᠲᠥᠯᠦᠪᠵᠢᠭᠦᠯᠭᠡ ᠶᠢᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠬᠡᠨᠠᠭᠤᠷ | ᠲᠥᠪᠡᠳ ᠤᠨ ᠥᠨᠳᠦᠷᠯᠢᠭ ᠢ ᠠᠮᠢ ᠠᠬᠤᠢ ᠶᠢᠨ ᠪᠣᠯᠪᠠᠰᠤᠨ ᠤ ᠥᠨᠳᠦᠷᠯᠢᠭ ᠪᠣᠯᠭᠠᠨ ᠪᠦᠲᠦᠭᠡᠨ ᠪᠠᠶᠢᠭᠤᠯᠬᠤ | ᠬᠡᠷᠡᠭᠲᠡᠢ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ | ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠴᠢᠬᠤᠯᠠ ᠠᠮᠢ ᠠᠬᠤᠢ ᠶᠢᠨ | ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠭᠦ | ᠬᠡᠷᠡᠭᠲᠡᠢ᠃ ᠭᠤᠷᠪᠠᠨ ᠮᠥᠷᠡᠨ ᠤ ᠡᠬᠢ ᠶᠢᠨ ᠡᠨᠡ ᠬᠦ ︽ᠳᠤᠮᠳᠠᠳᠤ ᠶᠢᠨ ᠤᠰᠤᠨ ᠰᠤᠪᠤᠷᠭ᠎ᠠ︾ ᠶᠢ ᠰᠠᠶᠢᠲᠤᠷ | ᠰᠠᠬᠢᠨ ᠬᠠᠮᠠᠭᠠᠯᠠᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠵᠤ᠂ ᠤᠰᠤᠨ ᠤ ᠡᠬᠢ | ᠰᠤᠷᠪᠤᠯᠵᠢ ᠶᠢ ᠬᠠᠳᠠᠭᠠᠯᠠᠬᠤ ᠴᠢᠳᠠᠪᠤᠷᠢ ᠶᠢ ᠳᠡᠭᠡᠭᠰᠢᠯᠡᠭᠦᠯᠭᠦ ᠶᠠᠪᠤᠳᠠᠯ ᠢ ᠭᠤᠣᠯᠳᠠᠯᠭ᠎ᠠ ᠶᠢᠨ ᠳᠣᠲᠣᠷᠠᠬᠢ | ᠭᠤᠣᠯᠳᠠᠯᠭ᠎ᠠ ᠪᠤᠯᠭᠠᠬᠤ ᠬᠡᠷᠡᠭᠲᠡᠢ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠲᠥᠯᠥᠭᠡᠯᠡᠬᠦ | ᠴᠢᠨᠠᠷᠲᠠᠢ ᠪᠠ ᠳᠡᠯᠡᠬᠡᠢ ᠳᠤ ᠨᠥᠯᠥᠭᠡᠯᠡᠬᠦ ᠬᠦᠴᠦᠨ ᠲᠠᠢ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠡᠪ | ᠳᠠᠭᠤᠷᠢᠶᠠᠯ ᠢ ᠪᠤᠶ ᠪᠤᠯᠭᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠠᠵᠢᠯ ᠢ ᠡᠮᠬᠢ ᠵᠢᠷᠤᠮ ᠲᠠᠢ ᠪᠠᠷ ᠠᠬᠢᠭᠤᠯᠵᠤ᠂ | ᠠᠮᠢ ᠠᠬᠤᠢ ᠲᠠᠢ ᠨᠥᠭᠦᠷᠰᠡᠭ ᠭᠡᠯᠪᠡᠷᠢ ᠶᠢᠨ ᠠᠵᠤ ᠦᠢᠯᠡᠰ ᠢ ᠬᠥᠭᠵᠢᠭᠦᠯᠦᠨ᠂ ᠰᠢᠨ᠎ᠡ ᠭᠡᠯᠪᠡᠷᠢ ᠶᠢᠨ ᠡᠨᠧᠷᠭᠢ ᠶᠢᠨ | ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠴᠢᠳᠠᠯ ᠤᠨ | ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠠᠷᠠᠳ ᠤᠨ ᠰᠠᠨᠠᠭ᠎ᠠ ᠳᠤ ᠨᠡᠶᠢᠴᠡᠭᠰᠡᠨ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠭᠰᠡᠨ᠂ ᠠᠷᠠᠳ ᠤᠨ ᠰᠡᠳᠬᠢᠯ ᠢ ᠳᠤᠯᠠᠭᠠᠴᠠᠭᠤᠯᠤᠭᠰᠠᠨ ᠪᠣᠳᠠᠲᠤ | ᠶᠠᠪᠤᠳᠠᠯ ᠢ ᠢᠯᠡᠭᠦᠬᠡᠨ ᠬᠢᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ | ᠠᠰᠠᠭᠤᠳᠠᠯ ᠢ ᠯᠠᠪᠳᠠᠭᠤᠨ ᠪᠠᠲᠤᠲᠠᠢ ᠰᠢᠢᠳᠪᠦᠷᠢᠯᠡᠬᠦ ᠬᠡᠷᠡᠭᠲᠡᠢ᠃ ᠦᠨᠳᠦᠰᠦᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠲᠥᠰᠥᠪᠯᠡᠵᠦ᠂ | ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠡᠩᠴᠡᠭᠦᠷᠢᠲᠦ ᠴᠢᠨᠠᠷ ᠬᠦᠷᠦᠯᠴᠡᠬᠦ᠋ᠢᠴᠡ ᠴᠢᠨᠠᠷ ᠢ ᠬᠦᠴᠦᠯᠡᠨ | ᠨᠡᠮᠡᠭᠳᠡᠭᠦᠯᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠮᠠᠯᠴᠢᠨ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠬᠦ ᠡᠨᠡ ᠬᠦ ᠭᠤᠣᠯᠳᠠᠯᠭ᠎ᠠ ᠶᠢ ᠳᠤᠪᠤᠶᠢᠯᠭᠠᠵᠤ᠂ ᠥᠨᠳᠦᠷᠯᠢᠭ ᠤᠨ ᠣᠨᠴᠠᠯᠢᠭᠲᠤ ᠦᠷ᠎ᠡ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠪᠣᠬᠢᠷᠳᠤᠯ ᠦᠭᠡᠢ ᠣᠷᠭᠠᠨᠢᠭ | ᠮᠠᠯ ᠠᠵᠤ ᠠᠬᠤᠢ ᠲᠠᠷᠢᠶᠠᠯᠠᠩ ᠢ ᠬᠥᠭᠵᠢᠭᠦᠯᠵᠦ᠂ ᠥᠨᠳᠦᠷᠯᠢᠭ ᠤᠨ ᠨᠤᠲᠤᠭ ᠤᠨ ᠣᠨᠴᠠ ᠭᠠᠷᠤᠯᠲᠠ ᠶᠢᠨ ᠲᠦᠷᠦᠯ | ᠲᠡᠮᠳᠡᠭ ᠢ ᠡᠭᠦᠳᠬᠦ ᠬᠡᠷᠡᠭᠲᠡᠢ᠃ ᠥᠨᠳᠦᠷᠯᠢᠭ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠬᠤ ᠬᠡᠷᠡᠭᠲᠡᠢ᠃ ᠳᠠᠭᠢᠨ | ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠨᠠᠶᠢᠳᠠᠪᠤᠷᠢᠵᠢᠭᠤᠯᠵᠤ᠂ | ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠵᠢᠢ ᠱᠢ ᠱᠠᠨ ᠤ ᠭᠠᠵᠠᠷ ᠬᠥᠳᠡᠯᠦᠯᠲᠡ ᠶᠢᠨ ᠭᠠᠮᠰᠢᠭ ᠤᠨ ᠳᠠᠷᠠᠭᠠᠬᠢ ᠰᠡᠷᠭᠦᠭᠡᠨ ᠲᠠᠭᠢᠨ ᠪᠠᠶᠢᠭᠤᠯᠬᠤ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠬᠡᠨᠠᠭᠤᠷ ᠪᠣᠯ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠠᠷᠬᠠᠯᠲᠠ | ᠲᠥᠪᠯᠡᠷᠡᠭᠰᠡᠨ ᠮᠤᠵᠢ ᠪᠣᠯᠣᠨ᠎ᠠ᠂ ᠦᠨᠳᠦᠰᠦᠲᠡᠨ ᠤ ᠠᠵᠢᠯ ᠪᠣᠯᠣᠨ ᠱᠠᠰᠢᠨ ᠰᠤᠷᠲᠠᠬᠤᠨ ᠤ ᠠᠵᠢᠯ ᠢ ᠦᠷᠭᠦᠯᠵᠢᠯᠡᠨ | ᠰᠠᠶᠢᠲᠤᠷ ᠬᠢᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ | ᠪᠣᠳᠣᠯᠭ᠎ᠠ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠨ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠭᠡᠨ ᠢᠶᠠᠷ ᠥᠷᠨᠢᠭᠦᠯᠵᠦ᠂ | ᠦᠨᠳᠦᠰᠦᠲᠡᠨ ᠨᠦᠭᠦᠳ ᠤᠨ ᠪᠦᠭᠦ ᠲᠠᠯ᠎ᠠ ᠪᠠᠷ ᠰᠢᠭᠢᠳᠦᠨ ᠣᠷᠣᠬᠤ᠂ ᠥᠷᠭᠡᠨ ᠢᠶᠠᠷ ᠶᠠᠪᠤᠯᠴᠠᠵᠤ ᠰᠣᠯᠢᠯᠴᠠᠵᠤ | ᠠᠭᠤᠰᠤᠯᠴᠠᠬᠤ ᠶᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ | ᠤᠨᠤᠯ ᠪᠠ ᠴᠢᠭᠯᠡᠯᠲᠡ ᠲᠦᠷᠦ ᠶᠢᠨ ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠮᠠᠨ ᠤ ᠤᠯᠤᠰ ᠤᠨ | ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠨ᠂ ᠱᠠᠰᠢᠨ ᠰᠤᠷᠲᠠᠬᠤᠨ ᠤ ᠬᠡᠷᠡᠭ | ᠶᠠᠪᠤᠳᠠᠯ ᠤᠨ ᠬᠠᠮᠢᠶᠠᠷᠤᠯᠲᠠ ᠢᠯᠠᠩᠭᠤᠶ᠎ᠠ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠤᠨ ᠬᠠᠮᠢᠶᠠᠷᠤᠯᠲᠠ ᠶᠢ | ᠬᠠᠤᠯᠢ ᠶᠣᠰᠣᠭᠠᠷ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠣᠳᠣᠬᠠᠨ ᠳᠤ ᠶᠠᠭ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠥᠷᠨᠢᠭᠦᠯᠵᠦ ᠪᠠᠶᠢᠨ᠎ᠠ᠂ ᠦᠨᠡᠨ ᠬᠦ ᠠᠳᠬᠤᠨ ᠪᠣᠳᠠᠲᠠᠢ ᠰᠤᠷᠤᠯᠴᠠᠵᠤ᠂ ᠰᠠᠶᠢᠲᠤᠷ ᠡᠬᠢᠯᠡᠭᠦᠯᠦᠨ ᠰᠠᠶᠢᠲᠤᠷ | ᠲᠡᠭᠦᠰᠬᠡᠵᠦ᠂ ᠰᠠᠬᠢᠯᠭ᠎ᠠ ᠪᠠᠲᠤ ᠶᠢ ᠰᠤᠷᠤᠯᠴᠠᠨ ᠰᠠᠬᠢᠯᠭ᠎ᠠ ᠪᠠᠲᠤ ᠶᠢ ᠮᠡᠳᠡᠵᠦ ᠰᠠᠬᠢᠯᠭ᠎ᠠ ᠪᠠᠲᠤ ᠶᠢ ᠲᠣᠳᠣᠷᠬᠠᠢ | ᠣᠶᠢᠯᠠᠭᠠᠬᠤ ᠪᠠᠷ ᠰᠠᠬᠢᠯᠭ᠎ᠠ ᠪᠠᠲᠤ ᠶᠢ ᠵᠢᠷᠤᠮᠯᠠᠨ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠭᠤᠣᠯ ᠪᠤᠯᠭᠠᠬᠰᠠᠨ ᠴᠠᠭ ᠦᠶ᠎ᠡ ᠶᠢᠨ ᠵᠣᠷᠢᠭ ᠰᠠᠨᠠᠭ᠎ᠠ ᠪᠠ | ᠬᠥᠬᠡᠨᠠᠭᠤᠷ ᠲᠥᠪᠡᠳ ᠤᠨ ᠥᠨᠳᠦᠷᠯᠢᠭ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠠᠮ ᠤᠨ ᠭᠡᠰᠢᠭᠦᠨ᠂ | ᠺᠠᠳ᠋ᠷᠴᠤᠳ ᠤᠨ ᠦᠵᠡᠯ ᠰᠠᠨᠠᠭ᠎ᠠ ᠪᠠᠨ ᠴᠢᠯᠦᠭᠡᠯᠡᠨ᠂ ᠦᠵᠡᠯᠲᠡ ᠲᠠᠨᠢᠯᠲᠠ ᠪᠠᠨ ᠬᠤᠪᠢᠷᠠᠭᠤᠯᠬᠤ᠂ ᠡᠷᠡᠰ | ᠰᠢᠭᠤᠷᠬᠠᠢ ᠪᠠᠷ ᠤᠷᠤᠭᠰᠢᠯᠠᠨ ᠲᠠᠪᠰᠢᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ | ᠴᠢᠨᠠᠭᠰᠢᠳᠠ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ | ᠪᠠᠲᠤ ᠶᠢ ᠵᠡᠷᠭᠡ ᠪᠠᠷ ᠠᠳᠬᠤᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ | ᠡᠰᠡᠷᠭᠦᠴᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢ | ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠤᠯᠭᠠᠬᠤ ᠶᠢ ᠠᠬᠢᠭᠤᠯᠵᠤ᠂ ᠬᠡᠯᠪᠡᠷᠢᠴᠢ ᠦᠵᠡᠯ ᠢ | ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ | ᠬᠡᠷᠡᠭᠲᠡᠢ᠃ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ | ᠪᠠᠶᠢᠬᠤ ᠠᠵᠢᠯ ᠤᠨ ᠲᠣᠭᠲᠠᠴᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ | ᠤᠯᠤᠰ ᠲᠦᠷᠦ ᠶᠢᠨ ᠠᠮᠢ ᠠᠬᠤᠢ ᠪᠠᠷ ᠲᠥᠪ ᠰᠤᠷᠲᠠᠯ ᠲᠡᠭᠦᠯᠳᠡᠷ ᠨᠡᠶᠢᠭᠡᠮ ᠤᠨ ᠠᠮᠢ ᠠᠬᠤᠢ ᠶᠢ ᠪᠦᠷᠢᠯᠳᠦᠭᠦᠯᠬᠦ ᠶᠢ | ᠬᠥᠲᠥᠯᠥᠨ ᠳᠠᠭᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ |