ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2024/6/20
   ᠤᠢᠢᠷ᠎ᠠ ᠳᠤ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠦᠨ ᠱᠤᠤ ᠴᠧᠩ ᠱᠦᠵᠢ ᠶᠢᠨ ᠮᠠᠨ ᠤ ᠬᠤᠳᠠ ᠳᠤ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠬᠤ ᠦᠶ᠎ᠡ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠵᠤ᠂ ᠪᠦᠬᠦ ᠬᠤᠳᠠ ᠶᠢᠨ ᠢᠳᠡᠭᠡᠨ᠂ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠵᠠᠢ᠃     ᠬᠤᠷᠠᠯ ᠠᠴᠠ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠪᠦᠬᠦ ᠬᠤᠳᠠ ᠪᠠᠷ ᠢᠶᠠᠨ ᠭᠤᠣᠯᠳᠠᠯᠭ᠎ᠠ ᠶᠢ ᠲᠤᠪᠤᠶᠢᠯᠭᠠᠨ᠂ ᠴᠢᠭᠯᠡᠯ ᠢ ᠡᠵᠡᠮᠳᠡᠵᠦ᠂ ᠲᠥᠪ ᠪᠠ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠬᠦᠯᠢᠶᠡᠨ ᠠᠪᠴᠤ᠂ ᠬᠤᠳᠠ ᠶᠢᠨ ᠬᠡᠪᠴᠢᠶᠡᠨ ᠤ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠲᠥᠯᠥᠪᠵᠢᠭᠦᠯᠬᠦ ᠬᠡᠷᠡᠭᠲᠡᠢ᠃ ᠴᠢᠳᠠᠪᠤᠷᠢᠲᠠᠨ ᠢ ᠴᠢᠨᠠᠷ ᠰᠠᠶᠢᠲᠠᠢ ᠣᠷᠣᠭᠤᠯᠤᠨ ᠠᠪᠴᠢᠷᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠠᠬᠢᠭᠤᠯᠵᠤ᠂ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ᠵᠢᠭᠤᠯᠴᠢᠯᠠᠯ᠂ ᠠᠷᠠᠳ ᠤᠨ ᠣᠷᠣᠨ ᠰᠠᠭᠤᠴᠠ᠂ ᠰᠥᠨᠢ ᠶᠢᠨ ᠠᠵᠤ ᠠᠬᠤᠶ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢ ᠶᠡᠬᠡᠪᠡᠷ ᠬᠥᠭᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠵᠢᠯ ᠣᠯᠭᠤᠯᠲᠠ ᠶᠢᠨ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠬᠦ ᠬᠡᠷᠡᠭᠲᠡᠶ᠃ ︽ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ︾ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠠᠤᠯᠢ ᠶᠣᠰᠣᠭᠠᠷ ᠪᠦᠬᠦ ᠲᠠᠯ᠎ᠠ ᠪᠠᠷ ᠬᠢᠨᠠᠨ ᠬᠠᠮᠢᠶᠠᠷᠴᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠪᠡᠯᠡ ᠮᠥᠩᠭᠦ ᠲᠠᠷᠬᠠᠭᠠᠬᠤ ᠶᠢ ᠵᠢᠷᠤᠮᠵᠢᠭᠤᠯᠵᠤ᠂ ᠴᠣᠮᠬᠠᠳᠬᠠᠨ ᠨᠡᠶᠢᠳᠬᠡᠵᠦ᠂ ᠬᠤᠷᠳᠤᠴᠠ ᠪᠠᠨ ᠳᠡᠭᠡᠭᠰᠢᠯᠡᠭᠦᠯᠦᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠤᠬᠠᠭᠤᠯᠵᠤ ᠮᠡᠳᠡᠭᠳᠡᠬᠦ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠡᠩ ᠢᠯᠡᠭᠦᠦ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠣᠯᠭᠠᠬᠤ ᠬᠡᠷᠡᠭᠲᠡᠢ᠃ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ︽ᠪᠠᠭ᠎ᠠ ᠮᠣᠷᠢ ᠶᠡᠭᠡ ᠲᠡᠷᠭᠡ ᠶᠢ ᠴᠢᠷᠬᠦ︾ ᠲᠤᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠠᠬᠢᠭᠤᠯᠬᠤ ᠪᠠᠷ ᠠᠵᠠ ᠲᠣᠬᠢᠶᠠᠯ ᠪᠣᠯᠭᠠᠵᠤ᠂ ᠡᠯ᠎ᠡ ᠵᠦᠢᠯ ᠤᠨ ᠠᠵᠢᠯ ᠤᠨ ᠵᠢᠷᠤᠮᠵᠢᠯ᠂ ᠴᠣᠮᠬᠠᠳᠬᠠᠯ᠂ ᠬᠤᠷᠳᠤᠴᠠ ᠶᠢ ᠲᠦᠷᠭᠡᠳᠬᠡᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠪᠠᠷᠢᠮᠲᠠᠯᠠᠵᠤ᠂ ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠲᠦᠮᠡᠨ ᠳᠤ ᠦᠢᠯᠡᠴᠢᠯᠡᠬᠦ ᠶᠢ ᠢᠳᠡᠪᠬᠢᠲᠡᠢ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ︽ᠲᠦᠷᠪᠡ ᠶᠢ ᠥᠯᠥ ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠵᠠᠰᠠᠭ ᠤᠨ ᠤᠷᠳᠤᠨ ᠤ ᠦᠷᠢ ᠦᠭᠴᠡᠭᠡ ᠶᠢᠨ ᠬᠠᠮᠢᠶᠠᠷᠤᠯᠳᠠ ᠶᠢ ᠴᠢᠩᠭᠠᠳᠬᠠᠵᠤ᠂ ᠵᠠᠰᠠᠭ ᠤᠨ ᠤᠷᠳᠤᠨ ᠤ ᠦᠷᠢ ᠦᠭᠴᠡᠭᠡ ᠶᠢ ᠠᠷᠢᠯᠭᠠᠬᠤ ᠬᠤᠷᠢᠭ᠎ᠠ ᠱᠤᠭᠤᠮ ᠢ ᠪᠠᠳᠤ ᠰᠠᠬᠢᠬᠤ ᠬᠡᠷᠡᠭᠳᠡᠢ᠃ ︽ᠠᠯᠪᠠᠨ ᠤ ᠭᠤᠷᠪᠠᠨ ᠵᠠᠷᠤᠳᠠᠯ︾ ᠤᠨ ᠬᠠᠮᠢᠶᠠᠷᠤᠯᠲᠠ ᠶᠢ ᠴᠢᠩᠭ᠎ᠠ ᠴᠢᠩᠭᠠᠳᠬᠠᠵᠤ᠂ ︽ᠭᠠᠮᠨᠠᠵᠤ ᠠᠮᠢᠳᠤᠷᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠂ ︽ᠠᠮᠤ ᠪᠤᠳᠠᠭᠠᠨ ᠤ ᠪᠤᠰᠤ ᠪᠣᠯᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠡᠷᠡᠰ ᠰᠠᠬᠢᠬᠤ ᠬᠡᠷᠡᠭᠲᠡᠶ᠃ ᠡᠯ᠎ᠡ ᠵᠦᠢᠯ ᠤᠨ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ︽ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠤᠨ ᠭᠤᠷᠪᠠᠨ ᠤᠯᠠᠭᠠᠨ ᠱᠤᠭᠤᠮ ᠢ ᠪᠠᠲᠤ ᠰᠠᠬᠢᠬᠤ ᠬᠡᠷᠡᠭᠲᠡᠢ᠃ ᠬᠠᠮᠠᠭᠠᠯᠠᠬᠤ ᠪᠠ ᠬᠥᠭᠵᠢᠭᠦᠯᠬᠦ ᠶᠢᠨ ᠬᠠᠷᠢᠴᠠᠭ᠎ᠠ ᠶᠢ ᠨᠢᠭᠡᠳᠦᠯᠲᠡᠶ ᠲᠥᠯᠥᠪᠯᠡᠨ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠡᠷᠡᠰ ᠰᠠᠬᠢᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭᠠᠬᠢ ᠠᠵᠢᠯ ᠢ ᠪᠣᠳᠠᠲᠠᠢ ᠠᠳᠬᠤᠵᠤ᠂ ᠴᠠᠭ ᠲᠤᠨᠢ ᠲᠤᠬᠢᠷᠠᠭᠤᠯᠤᠨ ︽ᠡᠷᠭᠢᠵᠦ ᠬᠠᠷᠠᠬᠤ︾᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠨᠢ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠢ ᠴᠢᠩᠭ᠎ᠠ ᠰᠡᠷᠭᠡᠶᠢᠯᠡᠵᠦ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠠᠵᠢᠯ ᠢ ᠡᠷᠲᠡᠬᠡᠨ ᠰᠠᠶᠢᠲᠤᠷ ᠠᠳᠬᠤᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠢᠳᠡᠭᠡᠨ ᠤ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ᠃ ᠪᠦᠲᠦᠮᠵᠢᠲᠡᠢ ᠪᠡᠯᠡ ᠣᠷᠣᠭᠤᠯᠤᠯᠲᠠ ᠶᠢ ᠪᠦᠬᠦ ᠬᠦᠴᠦᠨ ᠢᠶᠠᠷ ᠢᠶᠠᠨ ᠥᠷᠭᠡᠳᠬᠡᠵᠦ᠂ ᠠᠷᠭ᠎ᠠ ᠪᠦᠬᠦᠨ ᠢ ᠰᠦᠪᠡᠭᠴᠢᠯᠡᠨ ᠠᠷᠠᠯᠵᠢᠶᠠᠴᠢᠨ ᠤᠷᠢᠵᠤ ᠪᠡᠯᠡ ᠣᠷᠣᠭᠤᠯᠵᠤ᠂ ᠡᠯ᠎ᠡ ᠵᠦᠢᠯ ᠤᠨ ᠡᠭᠦᠷᠭᠡ ᠶᠢ ᠬᠤᠶᠠᠳᠤᠭᠠᠷ ᠤᠯᠠᠷᠢᠯ ᠳᠤ ︽ᠬᠤᠣᠰ ᠬᠠᠭᠠᠰ ᠢ ᠳᠠᠪᠠᠭ᠋ᠤ︾ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃                                       ᠣᠷᠴᠢᠭᠤᠯᠤᠭᠴᠢ᠄ ᠭᠤᠸ᠎ᠠ                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2