ᠤᠯᠠᠭᠠᠨᠴᠠᠪ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢᠲᠠᠨ ᠤ ᠪᠠᠶᠢᠭᠤᠯᠤᠯᠲᠠ ᠶᠢᠨ ︽ᠭᠤᠤᠯ ᠴᠥᠮ᠎ᠡ︾ ᠶᠢ ᠪᠤᠰᠬᠠᠪᠠ
ᠨᠡᠶᠢᠲᠡᠯᠡᠭᠰᠡᠨ ᠴᠠᠭ᠄
2024/6/20
    ᠲᠦᠮᠡᠨ ᠪᠣᠳᠠᠰ ᠥᠰᠤᠨ ᠪᠤᠶᠢᠵᠢᠵᠤ ᠪᠠᠶᠢᠭ᠎ᠠ ᠵᠤᠨ ᠤ ᠳᠤᠮᠳᠠ ᠤᠯᠠᠷᠢᠯ ᠳᠤ᠂ ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠷᠦᠨ ᠴᠤᠸᠠᠩ ᡁᠢ ᠣᠶᠤᠨᠴᠢ ᠪᠣᠯᠪᠠᠰᠤᠷᠠᠯ ᠤᠨ ᠰᠠᠭᠤᠷᠢᠨ ᠭᠠᠵᠠᠷ ᠲᠤ ᠡᠪᠡᠰᠦ ᠨᠣᠭᠤᠭ᠎ᠠ ᠨᠣᠭᠤᠭᠠᠷᠠᠵᠤ᠂ ᠭᠠᠵᠠᠷ ᠪᠣᠯᠭᠠᠨ ᠳᠤ ᠠᠮᠢᠵᠢᠷᠠᠯ ᠤᠨ ᠬᠦᠴᠦᠨ ᠪᠢᠯᠬᠠᠨ᠎ᠠ᠃    ︽ ᠵᠦᠬᠡᠯᠡᠨ ᠴᠠᠬᠢᠯᠭᠠᠨ ᠤ ᠲᠥᠬᠦᠭᠡᠷᠦᠮᠵᠢ ᠶᠢᠨ ᠮᠡᠷᠭᠡᠵᠢᠯ ᠤᠨ ᠭᠦᠢᠴᠡᠳᠬᠡᠯ ᠲᠤᠭ᠎ᠠ ᠵᠢᠴᠢ ᠴᠢᠳᠠᠪᠬᠢ ᠶᠢᠨ ᠪᠣᠯᠵᠣᠯᠲᠤ ᠲᠤᠭ᠎ᠠ ᠶᠢ ᠴᠡᠭᠡᠵᠢᠯᠡᠬᠦ ᠪᠤᠯ ᠴᠠᠬᠢᠯᠭᠠᠨ ᠬᠡᠯᠬᠢᠶ᠎ᠡ ᠶᠢ ᠰᠠᠶᠢᠲᠤᠷ ᠰᠤᠷᠬᠤ ᠶᠢᠨ ᠰᠠᠭᠤᠷᠢ ᠮᠥᠨ᠂  ᠤᠯᠠᠨ ᠢᠶᠠᠷ ᠢᠶᠠᠨ ᠪᠣᠯᠪᠠᠰᠤᠷᠠᠩᠭᠤᠢ ᠡᠵᠡᠮᠰᠢᠬᠦ ᠬᠡᠷᠡᠭᠲᠡᠢ︾᠃ ᠰᠠᠭᠤᠷᠢᠨ ᠭᠠᠵᠠᠷ ᠤᠨ ᠳᠠᠳᠤᠯᠭ᠎ᠠ ᠪᠣᠯᠪᠠᠰᠤᠷᠠᠯ ᠤᠨ ᠲᠠᠰᠤᠭ ᠲᠤ ᠬᠢᠴᠢᠶᠡᠯ ᠵᠢᠭᠠᠬᠤ ᠪᠠᠭᠰᠢ ᠶᠠᠭ ᠴᠠᠬᠢᠯᠭᠠᠨ ᠱᠤᠭᠤᠮ ᠢ ᠬᠡᠷᠬᠢᠨ ᠪᠠᠢᠴᠠᠭᠠᠬᠤ ᠲᠤᠬᠠᠢ ᠦᠵᠡᠭᠦᠯᠵᠦ ᠪᠠᠶᠢᠨ᠎ᠠ᠃     ᠷᠦᠨ ᠴᠤᠸᠠᠩ ᡁᠢ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠣᠯ ᠤᠯᠠᠭᠠᠨᠴᠠᠪ ᠤᠨ ᠠᠵᠢᠯ  ᠮᠡᠷᠭᠡᠵᠢᠯ ᠤᠨ ᠳᠡᠭᠡᠳᠦ ᠰᠤᠷᠭᠠᠭᠤᠯᠢ᠂ ᠤᠯᠠᠭᠠᠨᠴᠠᠪ ᠬᠤᠲᠠ ᠶᠢᠨ ᠬᠤᠸᠠ ᠴᠤᠸᠠᠩ ᠪᠦᠯᠦᠭᠯᠡᠯ᠂ ᠵᠥᠩ ᠬᠠᠩ ᠰᠢᠨ  ᠪᠠᠶ ᠷᠦᠨ ᠺᠣᠮᠫᠠᠨᠢ ᠬᠠᠮᠳᠤᠷᠠᠨ ᠪᠠᠶᠢᠭᠤᠯᠤᠭᠰᠠᠨ ᠠᠩᠬᠠᠳᠠᠭᠴᠢ ᠠᠵᠤ ᠦᠢᠯᠡᠰ ᠪᠠ ᠰᠤᠷᠭᠠᠨ  ᠬᠥᠮᠦᠵᠢᠯ ᠢ ᠤᠶᠠᠯᠳᠤᠭᠤᠯᠬᠤ ᠵᠠᠭᠪᠤᠷ ᠢᠶᠠᠷ ᠪᠥᠲᠥᠭᠡᠨ ᠪᠠᠶᠢᠭᠤᠯᠤᠭᠰᠠᠨ ᠪᠥᠬᠦ ᠲᠤᠰᠬᠠᠶ ᠮᠡᠷᠭᠡᠵᠢᠯ᠂ ᠪᠥᠬᠦ  ᠦᠵᠡᠭᠳᠡᠯ ᠲᠠᠢ ᠳ᠋ᠠᠶᠢᠲ᠋ᠠ ᠶᠢᠨ ᠲᠥᠪ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠠᠶᠢᠵᠤ᠂ ᠲᠣᠮᠣ ᠳ᠋ᠠᠶᠢᠲ᠋ᠠ ᠶᠢᠨ ᠴᠢᠳᠠᠪᠤᠷᠢᠲᠠᠨ ᠢ ᠬᠠᠮᠲᠤ ᠪᠠᠷ ᠬᠥᠮᠦᠵᠢᠭᠦᠯᠬᠦ ᠡᠬᠦᠳᠡᠨ ᠠᠴᠠ ᠪᠠᠶᠢᠭᠤᠯᠤᠭᠰᠠᠨ ᠶᠤᠮ᠃
 
ᠢᠷᠡᠯᠲᠡ᠄ ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2