ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠄ ᠰᠦᠢ ᠸᠧᠢ ᠵᠢᠶᠦ᠋ᠨ ᠳᠥᠷᠪᠡᠳ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2024/6/20
    5 ᠰᠠᠷ᠎ᠠ ᠶᠢᠨ 28 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠳᠥᠷᠪᠡᠳ ᠬᠤᠰᠢᠭᠤᠨ ᠳᠤ ᠭᠦᠨᠵᠡᠭᠡᠶᠢᠷᠡᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃     ᠵᠢᠢ ᠱᠧᠩ ᠲᠠᠢ ᠪᠠᠯᠭᠠᠰᠤᠨ ᠤ ᠬᠠᠢ ᠪᠦ᠋ ᠽᠢ ᠲᠣᠰᠬᠤᠨ᠂ ᠬᠤᠵᠢᠷᠲᠤ ᠰᠢᠶᠠᠩ ᠤᠨ ᠵᠢᠢ ᠳ᠋ᠧᠩ ᠼᠦᠨ ᠲᠣᠰᠬᠤᠨ ᠳᠤ᠂ ᠰᠦᠢ ᠸᠧᠢ ᠵᠢᠶᠦ᠋ᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠡᠷᠦᠭᠡ ᠳᠤ ᠬᠦᠷᠴᠦ ᠰᠤᠷᠪᠤᠯᠵᠢᠯᠠᠪᠠ᠃ ᠲᠡᠷᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠲᠠᠭᠠᠭᠤᠯᠤᠭᠴᠢ ᠠᠵᠤ ᠠᠬᠤᠶᠢᠯᠠᠯ ᠢ ᠢᠳᠡᠪᠬᠢᠲᠡᠢ ᠣᠷᠣᠭᠤᠯᠤᠨ ᠠᠪᠴᠢᠷᠠᠵᠤ᠂ ︽ᠠᠶᠢᠯ ᠪᠣᠯᠭᠠᠨ ᠦᠬᠡᠷ ᠬᠤᠨᠢ ᠲᠡᠵᠢᠭᠡᠵᠦ᠂ ᠡᠷᠦᠬᠡ ᠪᠣᠯᠭᠠᠨ ᠣᠷᠣᠯᠭ᠎ᠠ ᠪᠠᠨ ᠨᠡᠮᠡᠭᠳᠡᠭᠦᠯᠬᠦ︾ ᠶᠢ ᠯᠠᠪᠳᠠᠭᠤᠨ ᠪᠠᠲᠤᠲᠠᠢ ᠠᠬᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ ᠤᠯᠠᠨ ᠲᠦᠮᠡᠨ ᠳᠤ ᠨᠥᠬᠦᠪᠥᠷᠢ ᠶᠢᠨ ᠣᠷᠣᠯᠭ᠎ᠠ ᠶᠢᠨ ᠲᠠᠩᠰᠠ᠂ ᠡᠵᠡᠩᠨᠡᠯᠲᠡ ᠶᠢᠨ ᠣᠷᠣᠯᠭ᠎ᠠ ᠶᠢᠨ ᠲᠠᠩᠰᠠ᠂ ᠬᠥᠭᠵᠢᠯᠲᠡ ᠬᠤᠪᠢᠷᠠᠯᠲᠠ ᠶᠢᠨ ᠲᠠᠩᠰᠠ ᠶᠢ ᠲᠣᠳᠣᠷᠬᠠᠢ ᠪᠤᠳᠤᠵᠤ᠂ ᠤᠯᠠᠨ ᠲᠦᠮᠡᠨ ᠢ ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠣᠯᠭᠠᠬᠤ ᠬᠡᠷᠡᠭᠲᠡᠢ ᠭᠡᠵᠦ ᠬᠡᠯᠡᠪᠡ᠃     ᠬᠤᠩᠭᠤᠷ ᠰᠤᠮᠤ ᠳᠤ᠂ ᠰᠦᠢ ᠸᠧᠢ ᠵᠢᠶᠦ᠋ᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠲᠡᠷᠡ᠂ ᠡᠨᠡ ᠭᠤᠷᠪᠠᠨ ᠠᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ ᠢᠶᠠᠨ ᠴᠢᠨᠠᠭᠰᠢᠳᠠ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠨᠡᠪᠲᠡᠷᠡᠯᠴᠡᠭᠦᠯᠬᠦ ᠶᠢ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠨᠢᠭᠡ ᠴᠤᠬᠴᠠᠵᠢᠭᠤᠯᠤᠨ ᠠᠬᠢᠭᠤᠯᠵᠤ᠂ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠨᠠᠮ ᠤᠨ ᠬᠤᠷᠢᠶᠠᠨ ᠤ ᠱᠦᠵᠢ ᠪᠡᠶ᠎ᠡ ᠪᠠᠷ ᠢᠶᠠᠨ ᠠᠳᠬᠤᠵᠤ᠂ ᠨᠡᠩ ᠶᠡᠭᠡ ᠡᠷᠴᠢᠮ ᠢᠶᠠᠷ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠬᠡᠯᠪᠡᠷᠢᠴᠢ ᠦᠵᠡᠯ ᠢ ᠡᠷᠡᠰ ᠡᠰᠡᠷᠭᠦᠴᠡᠵᠦ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠢ ᠨᠡᠩ ᠤᠯᠠᠨ ᠤᠶᠤᠨ ᠴᠢᠳᠠᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠡᠷᠡᠮᠵᠢᠯᠡᠭᠦᠯᠬᠦ ᠬᠥᠮᠦᠵᠢᠯ ᠢ ᠰᠠᠶᠢᠲᠤᠷ ᠠᠳᠬᠤᠵᠤ᠂ ᠳᠡᠷᠭᠡᠳᠡᠬᠢ ᠶᠠᠪᠤᠳᠠᠯ ᠢᠶᠠᠷ ᠳᠡᠷᠭᠡᠳᠡᠬᠢ ᠬᠥᠮᠦᠨ ᠢᠶᠠᠨ ᠬᠥᠮᠦᠵᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠲᠤ ᠰᠡᠷᠡᠮᠵᠢ ᠥᠭᠴᠦ᠂ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠪᠢᠰᠢᠷᠡᠨ ᠵᠢᠷᠦᠬᠡᠰᠢᠶᠡᠬᠦ ᠶᠢ ᠮᠡᠳᠡᠷᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠤᠮᠠᠷᠠᠲᠤ ᠬᠢᠯᠢ ᠶᠢᠨ ᠰᠣᠶᠣᠯ︾ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠪᠦᠬᠦ ᠲᠠᠯ᠎ᠠ ᠪᠠᠷ ᠡᠭᠦᠳᠬᠦ ᠬᠡᠷᠡᠭᠲᠡᠢ ᠭᠡᠵᠦ ᠬᠡᠯᠡᠪᠡ᠃     ᠡᠨᠡ ᠬᠤᠭᠤᠴᠠᠭᠠᠨ ᠳᠤ᠂ ᠰᠦᠶ ᠸᠧᠶ ᠵᠢᠶᠦ᠋ᠨ ᠪᠠᠰᠠ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠪᠤᠯᠬᠤ ᠴᠠᠭᠠᠨ ᠪᠤᠯᠠᠭ ᠰᠤᠮᠤ ᠶᠢᠨ ᠭᠡᠷᠡᠯᠳᠤᠶᠠᠭ᠎ᠠ ᠭᠠᠴᠠᠭ᠎ᠠ ᠳᠤ ᠬᠦᠷᠴᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠴᠠᠭᠠᠨ ᠵᠢᠯᠣᠭᠤᠳᠪᠠ᠃ ᠲᠡᠷᠡ᠂ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ︾ ᠢ ᠭᠦᠨᠵᠡᠭᠡᠢ ᠰᠤᠷᠤᠯᠴᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠰᠤᠷᠤᠯᠴᠠᠵᠤ᠂ ᠰᠠᠬᠢᠯᠭ᠎ᠠ ᠪᠠᠲᠤ ᠶᠢ ᠣᠶᠢᠯᠠᠭᠠᠵᠤ᠂ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠰᠠᠬᠢᠯᠭ᠎ᠠ ᠪᠠᠲᠤ ᠶᠢ ᠰᠠᠬᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠬᠢᠵᠦ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃     ᠰᠦᠢ ᠵᠢᠶᠠᠨ ᠬᠤᠸᠠ᠂ ᠢᠦᠢ ᠳ᠋ᠠᠢ ᠴᠢᠩ ᠣᠷᠣᠯᠴᠠᠵᠠᠢ᠃                                            ᠣᠷᠴᠢᠭᠤᠯᠤᠭᠴᠢ᠄ ᠭᠤᠸ᠎ᠠ                                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2