ᠴᠢ ᠹᠸᠢ ᠶᠦᠨ ᠵᠢᠨᠢᠩ ᠲᠣᠭᠤᠷᠢᠭ ᠲᠤ ᠰᠣᠶᠣᠯ ᠵᠢᠭᠤᠯᠴᠢᠯᠠᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/21
     6 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠵᠢᠨᠢᠩ ᠲᠣᠭᠤᠷᠢᠭ ᠲᠤ ᠰᠣᠶᠣᠯ ᠵᠢᠭᠤᠯᠴᠢᠯᠠᠯ ᠤᠨ ᠠᠵᠢᠯ ᠢ ᠪᠠᠶᠢᠴᠠᠭᠠᠨ ᠰᠤᠳᠤᠯᠪᠠ᠃      ᠬᠤᠲᠠ ᠶᠢᠨ ᠮᠦᠽᠧᠶ ᠳᠤ᠂ ᠴᠢ ᠹᠸᠢ ᠶᠦᠨ ᠣᠷᠳᠣᠨ ᠤ ᠳᠣᠲᠣᠷᠠᠬᠢ ᠪᠦᠲᠦᠭᠡᠨ ᠪᠠᠶᠢᠭᠤᠯᠤᠯᠲᠠ ᠡᠵᠡᠩᠨᠡᠯᠲᠡ᠂ ᠦᠵᠡᠭᠦᠯᠦᠯᠭᠡ ᠶᠢᠨ ᠲᠢᠩᠬᠢᠮ ᠤᠨ ᠪᠠᠶᠢᠷᠢᠯᠠᠭᠤᠯᠤᠯᠲᠠ᠂ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠨ ᠠᠰᠢᠭᠯᠠᠬᠤ ᠵᠡᠷᠭᠡ ᠪᠠᠶᠢᠳᠠᠯ ᠢ ᠨᠠᠷᠢᠨ ᠪᠠᠶᠢᠴᠠᠭᠠᠨ ᠦᠵᠡᠬᠦ ᠶᠢᠨ ᠬᠠᠮᠲᠤ ᠮᠦᠽᠧᠶ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠰᠠᠨᠠᠯ ᠳᠤᠷᠠᠳᠪᠠ᠃ ᠲᠡᠷᠡ ᠬᠡᠯᠡᠬᠦ ᠳᠡᠭᠡᠨ᠂ ᠮᠦᠽᠧᠶ ᠪᠣᠯ ᠬᠤᠲᠠ ᠶᠢᠨ ᠳᠦᠷᠢ ᠲᠥᠷᠬᠦ ᠪᠠ ᠴᠣᠩᠬᠤ ᠮᠥᠨ᠂ ᠪᠠᠰᠠ ᠴᠤ ᠬᠤᠲᠠ ᠶᠢᠨ ᠰᠣᠶᠣᠯ ᠤᠨ ᠨᠡᠷ᠎ᠡ ᠶᠢᠨ ᠬᠠᠭᠤᠳᠠᠰᠤ ᠪᠠ ᠰᠣᠶᠣᠯ ᠤᠨ ᠤᠯᠠᠮᠵᠢᠯᠠᠯ ᠤᠨ ᠭᠠᠵᠠᠷ ᠮᠥᠨ᠃ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠭᠤᠯᠤᠭᠳᠠᠬᠤᠨ ᠦᠨ᠎ᠡ ᠦᠷᠳᠡᠭ ᠢ ᠭᠦᠨᠵᠡᠭᠡᠢ ᠰᠤᠳᠤᠯᠤᠨ ᠲᠠᠶᠢᠯᠪᠤᠷᠢᠯᠠᠵᠤ᠂ ᠡᠬᠢ ᠰᠤᠷᠪᠤᠯᠵᠢ ᠶᠢ ᠡᠷᠢᠵᠦ ᠲᠡᠦᠬᠡ ᠶᠢᠨ ᠳᠤᠷᠠᠰᠬᠠᠯᠲᠤ ᠵᠦᠢᠯᠡᠰ ᠤᠨ ᠠᠷᠤ ᠳᠠᠬᠢ ᠦᠯᠢᠭᠡᠷ ᠢ ᠰᠠᠶᠢᠲᠤᠷ ᠶᠠᠷᠢᠵᠤ᠂ ᠤᠯᠠᠭᠠᠨᠴᠠᠪ ᠤᠨ ᠭᠦᠨ ᠵᠤᠵᠠᠭᠠᠨ ᠲᠡᠦᠬᠡ ᠶᠢᠨ ᠠᠭᠤᠯᠤᠭᠳᠠᠬᠤᠨ ᠢ ᠭᠦᠢᠴᠡᠳ ᠢᠯᠡᠷᠡᠭᠦᠯᠬᠦ ᠬᠡᠷᠡᠭᠲᠡᠢ᠃ ᠲᠣᠭᠠᠴᠢᠯᠠᠭᠰᠠᠨ ᠮᠦᠽᠧᠢ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠯᠧᠮᠧᠨ᠋ᠲ ᠳᠤ ᠭᠦᠢᠴᠡᠳ ᠠᠭᠤᠰᠤᠯᠴᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠰᠡᠷᠡᠵᠦ ᠮᠡᠳᠡᠬᠦ ᠬᠡᠮᠵᠢᠶ᠎ᠡ ᠪᠠ ᠲᠣᠭᠤᠷᠢᠨ ᠦᠵᠡᠭᠴᠢᠳ ᠤᠨ ᠣᠶᠢᠯᠠᠭᠠᠯᠲᠠ ᠶᠢᠨ ᠲᠦᠷᠦᠭᠳᠡᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠣᠶᠣᠯ ᠦᠵᠡᠰᠬᠦᠯᠡᠩ ᠤᠨ ᠦᠢᠯᠡᠰ ᠢ ᠵᠢᠩᠬᠢᠨᠢ ᠬᠠᠶᠢᠷᠠᠯᠠᠬᠤ ᠨᠢᠭᠡ ᠪᠦᠯᠦᠭ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠢ ᠭᠡᠵᠡᠢ᠃     ᠵᠢᠨᠢᠩ ᠲᠣᠭᠤᠷᠢᠭ ᠤᠨ ᠤᠯᠠᠭᠠᠨᠮᠥ᠋ᠴᠢᠷ ᠲᠤ᠂ ᠴᠢ ᠹᠸᠢ ᠶᠦᠨ ᠤᠯᠠᠭᠠᠨᠮᠥ᠋ᠴᠢᠷ ᠤᠨ ᠪᠣᠯᠪᠠᠰᠤᠷᠠᠯ ᠤᠨ ᠲᠣᠭᠯᠠᠯᠲᠠ ᠪᠠ ᠡᠩᠨᠡᠭᠡ ᠶᠢᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ︽ᠨᠢᠭᠡ ᠳᠤ ᠮᠡᠷᠭᠡᠵᠢᠵᠦ ᠤᠯᠠᠨ ᠳᠤ ᠴᠠᠭᠠᠷᠠᠭᠰᠠᠨ︾ ᠬᠠᠮ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ ᠴᠢᠩᠭᠠᠳᠬᠠᠵᠤ᠂ ᠴᠠᠭ ᠦᠶ᠎ᠡ ᠶᠢᠨ ᠱᠠᠭᠠᠷᠳᠠᠯᠭ᠎ᠠ ᠪᠣᠯᠤᠨ ᠠᠷᠠᠳ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠰᠡᠨ ᠨᠡᠩ ᠤᠯᠠᠨ ᠰᠢᠯᠢᠳᠡᠭ ᠪᠦᠲᠦᠭᠡᠯ ᠢ ᠲᠠᠰᠤᠷᠠᠯᠳᠠ ᠦᠭᠡᠢ ᠵᠣᠬᠢᠶᠠᠨ ᠪᠦᠲᠦᠭᠡᠵᠦ᠂ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠦᠡᠭᠭᠡᠨ ᠮᠣᠷᠢᠲᠤ ᠴᠡᠷᠢᠭ︾ ᠪᠣᠯᠬᠤ ᠬᠡᠷᠡᠭᠲᠡᠢ ᠭᠡᠵᠡᠢ᠃                                            ᠣᠷᠴᠢᠭᠤᠯᠤᠭᠴᠢ᠄ ᠭᠤᠸ᠎ᠠ                                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2