ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2024/6/21
   6 ᠰᠠᠷ᠎ᠠ ᠶᠢᠨ 19 ᠤ ᠡᠳᠦᠷ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠂ ︽ᠦᠨᠡᠨ︾ ᠰᠡᠳᠬᠦᠯ ᠳᠡᠭᠡᠷ᠎ᠡ ᠨᠡᠶᠢᠲᠡᠯᠡᠭᠰᠡᠨ ︽ᠮᠠᠨ ᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ︾ ᠴᠢᠬᠤᠯᠠ ᠵᠣᠬᠢᠶᠠᠯ ᠢ ᠰᠤᠷᠤᠯᠴᠠᠵᠤ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠲᠠᠪᠤᠳᠤᠭᠠᠷ ᠤᠳᠠᠭ᠎ᠠ ᠶᠢᠨ ᠬᠤᠷᠠᠯ ᠵᠡᠷᠭᠡ ᠤᠢᠢᠷ᠎ᠠ ᠶᠢᠨ ᠬᠤᠭᠤᠴᠠᠭᠠᠨ ᠤ ᠲᠥᠪ ᠤᠨ ᠴᠢᠬᠤᠯᠠ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠤᠯᠠᠮᠵᠢᠯᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢ ᠹᠸᠢ ᠶᠦᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠪᠠᠷ ᠰᠠᠶᠢᠲᠤᠷ ᠥᠷᠨᠢᠭᠦᠯᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ︾ ᠢ ᠲᠡᠷᠡ ᠬᠡᠪ ᠢᠶᠠᠷ ᠨᠢ ᠨᠠᠷᠢᠨ ᠬᠢᠨᠠᠮᠠᠭᠠᠢ ᠰᠤᠷᠤᠯᠴᠠᠵᠤ᠂ ᠨᠠᠮ ᠤᠨ ᠡᠯ᠎ᠡ ᠵᠦᠢᠯ ᠤᠨ ᠰᠠᠬᠢᠯᠭ᠎ᠠ ᠪᠠᠲᠤ ᠶᠣᠰᠣ ᠲᠦᠷᠢᠮ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠥᠬᠡᠶ ᠰᠠᠶᠢᠵᠢᠷᠠᠭᠤᠯᠤᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ ᠡᠭᠦᠷᠭᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠦᠷᠦᠯ ᠵᠦᠢᠯ ᠤᠨ ᠪᠡᠯᠡ ᠣᠷᠣᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ᠂ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠲᠣᠰ ᠡᠳᠦᠷ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠪᠠᠰᠠ ᠬᠤᠷᠠᠯ ᠬᠤᠷᠠᠯᠳᠤᠭᠤᠯᠵᠤ᠂ ᠪᠤᠰᠤᠳ ᠵᠦᠢᠯᠡᠰ ᠢ ᠰᠤᠳᠤᠯᠪᠠ᠃                                          ᠣᠷᠴᠢᠭᠤᠯᠤᠭᠴᠢ᠄ ᠭᠤᠸ᠎ᠠ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2