ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/6/21
       ᠨᠢᠭᠡ᠂ ᠬᠡᠮᠵᠢᠯᠲᠡ ᠶᠢᠨ ᠲᠥᠬᠦᠭᠡᠷᠦᠮᠵᠢ ᠤᠭᠰᠠᠷᠠᠬᠤ ᠲᠠᠯ᠎ᠠ ᠪᠠᠷ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 2021 ᠣᠨ ᠳᠤ ᠪᠥᠬᠦ ᠬᠤᠲᠠ ᠠᠴᠠ ᠨᠢᠭᠡᠳᠦᠯᠲᠡᠶ ᠳᠠᠭᠠᠭᠠᠴᠢᠯᠠᠯᠲᠠ ᠵᠠᠷᠯᠠᠵᠤ᠂ ᠲᠠᠷᠢᠶᠠᠯᠠᠩ ᠤᠨ ᠤᠰᠤᠯᠠᠯᠲᠠ ᠶᠢᠨ ᠬᠡᠮᠵᠢᠯᠲᠡ ᠶᠢᠨ ᠲᠥᠬᠦᠭᠡᠷᠦᠮᠵᠢ ᠶᠢ ᠤᠭᠰᠠᠷᠠᠵᠤ᠂ ᠳᠠᠭᠠᠭᠠᠴᠢᠯᠠᠯᠲᠠ ᠬᠦᠯᠢᠶᠡᠬᠦ ᠺᠣᠮᠫᠠᠨᠢ 8᠂ 8 ᠰᠤᠮᠤ ᠰᠢᠶᠠᠩ ᠪᠠᠯᠭᠠᠰᠤ ᠨᠡᠶᠢᠲᠡ 1563 ᠢᠵᠢ ᠬᠡᠮᠵᠢᠯᠲᠡ ᠶᠢᠨ ᠲᠥᠬᠦᠭᠡᠷᠦᠮᠵᠢ ᠶᠢ ᠤᠭᠰᠠᠷᠠᠬᠤ ᠶᠢᠨ ᠬᠠᠮᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ 657 ᠢᠵᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠢᠵᠢ ᠪᠥᠷᠢᠳᠦᠭᠦᠯᠬᠦ ᠲᠥᠬᠦᠭᠡᠷᠦᠮᠵᠢ ᠶᠢ ᠬᠡᠷᠡᠭᠵᠢᠭᠦᠯᠪᠡ᠃    ᠬᠤᠶᠠᠷ᠂ ᠤᠰᠤᠨ ᠤ ᠡᠷᠬᠡ ᠶᠢ ᠬᠢᠨᠠᠨ ᠲᠣᠭᠲᠠᠭᠠᠬᠤ ᠲᠠᠯ᠎ᠠ ᠪᠠᠷ᠃ ᠤᠰᠤᠨ ᠤ ᠡᠷᠬᠡ ᠶᠢ ᠭᠤᠣᠯᠴᠢ ᠪᠠᠷ ᠡᠳ᠋ᠯᠡᠬᠦ ᠵᠠᠷᠴᠢᠮ ᠶᠣᠰᠣᠭᠠᠷ᠂ ᠵᠠᠷᠴᠢᠮ ᠳᠡᠭᠡᠷ᠎ᠡ ᠪᠠᠨ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢ 61.47m³/ ᠮᠤ᠋ ᠶᠢᠨ ᠪᠠᠷᠢᠮᠵᠢᠶ᠎ᠠ ᠠᠴᠠ ᠬᠡᠲᠦᠷᠡᠭᠦᠯᠵᠦ ᠪᠣᠯᠬᠤ ᠦᠭᠡᠢ᠂ ᠤᠰᠤ ᠬᠡᠷᠡᠭᠯᠡᠬᠦ ᠬᠢᠵᠠᠭᠠᠷ ᠲᠤᠭ᠎ᠠ ᠶᠢ 92.2m³ / ᠮᠦ ᠠᠴᠠ ᠬᠡᠲᠦᠷᠡᠭᠦᠯᠵᠦ ᠪᠣᠯᠬᠤ ᠦᠭᠡᠢ᠃ ᠣᠳᠣ ᠨᠢᠭᠡᠨᠲᠡ ᠤᠰᠤᠨ ᠤ ᠡᠷᠬᠡ ᠶᠢ ᠡᠯ᠎ᠡ ᠰᠤᠮᠤ ᠰᠢᠶᠠᠩ ᠪᠠᠯᠭᠠᠰᠤᠨ ᠳᠤ ᠬᠦᠷᠭᠡᠵᠦ᠂ ᠡᠯ᠎ᠡ ᠰᠤᠮᠤ ᠰᠢᠶᠠᠩ ᠪᠠᠯᠭᠠᠰᠤ ᠨᠢ ᠵᠠᠰᠠᠭ ᠵᠠᠬᠢᠷᠭᠠᠨ ᠤ ᠲᠣᠰᠬᠤᠨ ᠢᠶᠠᠷ ᠨᠢᠭᠡᠴᠢ ᠪᠣᠯᠭᠠᠨ ᠤᠰᠤᠯᠠᠯᠲᠠ ᠶᠢᠨ ᠲᠠᠯᠠᠪᠠᠶ ᠶᠢ ᠦᠨᠳᠦᠰᠦᠯᠡᠨ ᠤᠰᠤᠨ ᠤ ᠡᠷᠬᠡ ᠶᠢ ᠡᠷᠦᠬᠡ ᠳᠤ ᠬᠤᠪᠢᠶᠠᠷᠢᠯᠠᠬᠤ ᠶᠢᠨ ᠬᠠᠮᠲᠤ ᠢᠯᠡ ᠨᠡᠶᠢᠲᠡᠯᠡᠨ᠎ᠡ᠃    ᠭᠤᠷᠪᠠ᠂ ᠲᠠᠷᠢᠶᠠᠯᠠᠩ ᠤᠨ ᠶᠡᠷᠦᠩᠬᠡᠶᠢᠯᠡᠭᠰᠡᠨ ᠤᠰᠤᠨ ᠤ ᠦᠨ᠎ᠡ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠲᠠᠯ᠎ᠠ ᠪᠠᠷ᠃ 6 ᠰᠠᠷ᠎ᠠ ᠶᠢᠨ ᠡᠬᠢ ᠪᠣᠯᠲᠠᠯ᠎ᠠ᠂ ᠪᠥᠬᠦ ᠬᠤᠰᠢᠭᠤᠨ ᠤ ᠣᠲᠣ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ 3212 ᠪᠠᠶᠢᠵᠤ᠂ 2779 ᠬᠤᠳᠳᠤᠭ ᠢ ᠬᠡᠪ ᠤᠨ ᠪᠠᠶᠢᠳᠠᠯ ᠢᠶᠠᠷ ᠠᠵᠢᠯᠯᠠᠭᠤᠯᠵᠤ᠂ 2580 ᠬᠡᠮᠵᠢᠯᠲᠡ ᠶᠢᠨ ᠲᠥᠬᠦᠭᠡᠷᠦᠮᠵᠢ ᠶᠢ ᠤᠭᠰᠠᠷᠠᠵᠤ᠂ ᠴᠠᠬᠢᠯᠭᠠᠨ ᠢᠶᠠᠷ ᠨᠤᠭᠤᠯᠤᠨ ᠪᠣᠳᠣᠭᠰᠠᠨ ᠬᠢᠷᠢ ᠲᠦᠪᠰᠢᠨ ᠳᠤᠮᠳᠠᠴᠢ ᠪᠠᠷ 1.92 ᠬᠦᠷᠴᠦ᠂ ᠡᠭᠦᠨ ᠤ ᠬᠠᠮᠲᠤ ᠲᠣᠰᠬᠤᠨ ᠳᠤ ᠨᠡᠶᠢᠲᠡᠯᠡᠪᠡ︔ 2024 ᠣᠨ ᠤ ᠲᠠᠷᠢᠶᠠᠯᠠᠩ ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢᠨ ᠭᠦᠢᠴᠡᠳᠬᠡᠬᠦ ᠲᠤᠭ᠎ᠠ 2600 ᠲᠦᠮᠡᠨ ᠺᠦᠪ ᠮᠧᠲᠷ᠂  ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ 36.8 ᠲᠦᠮᠡᠨ ᠮᠥ᠂ 2024 ᠣᠨ ᠳᠤ ᠤᠰᠤ ᠬᠡᠷᠡᠭᠯᠡᠬᠦ ᠲᠣᠭᠲᠠᠭᠰᠠᠨ ᠲᠤᠭ᠎ᠠ ᠨᠢ 70.65m³ / ᠮᠦ ᠂ ᠤᠰᠤᠨ ᠤ ᠡᠷᠬᠡ ᠶᠢᠨ ᠬᠤᠪᠢᠶᠠᠷᠢᠯᠠᠯᠲᠠ ᠶᠢ ᠨᠢᠭᠡᠨᠲᠡ ᠲᠣᠰᠬᠤᠨ ᠳᠤ ᠢᠯᠡ ᠨᠡᠶᠢᠲᠡᠯᠡᠪᠡ︔ ᠤᠰᠤᠨ ᠤ ᠦᠨ᠎ᠡ ᠶᠢ ᠬᠡᠷᠡᠭᠵᠢᠭᠦᠯᠦᠭᠰᠡᠨ ᠪᠠᠶᠢᠳᠠᠯ᠄ ᠨᠢᠭᠡᠨᠲᠡ 30 ᠲᠦᠮᠡᠨ ᠲᠥᠭᠦᠷᠢᠭ ᠤᠨ ᠤᠰᠤᠨ ᠤ ᠰᠦᠢᠳᠬᠡᠯ ᠢ ᠪᠦᠬᠦᠨ ᠢ ᠲᠣᠰᠬᠤᠨ ᠤ ᠵᠥᠪᠯᠡᠯ ᠳᠤ ᠬᠠᠳᠠᠭᠠᠯᠠᠪᠠ᠃                     ᠵᠣᠬᠢᠶᠠᠭᠴᠢ᠄ ᠯᠢᠦ ᠳ᠋ᠦᠩ ᠴᠠᠩ                     ᠤᠷᠴᠢᠭᠤᠯᠤᠭᠴᠢ᠄ ᠬᠦᠰᠡᠯ                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2