ᠴᠢ ᠹᠸᠢ ᠶᠦᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/6/24
    6 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠱᠠᠲᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠣᠨ ᠤ ᠬᠠᠷᠠᠯᠲᠠ ᠡᠭᠦᠷᠭᠡ ᠪᠠᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠶ᠃ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠪᠠᠶᠢᠳᠠᠯ ᠢ ᠬᠢᠨᠠᠨ ᠪᠠᠶᠢᠴᠠᠭᠠᠬᠤ ᠶᠢ ᠲᠦᠷᠭᠡᠳᠬᠡᠵᠦ᠂ ᠰᠠᠭᠤᠷᠢ ᠲᠤᠭ᠎ᠠ ᠲᠣᠳᠣᠷᠬᠠᠢ᠂ ᠪᠠᠶᠢᠳᠠᠯ ᠲᠣᠳᠣᠷᠬᠠᠢ ᠪᠠᠶᠢᠬᠤ ᠶᠢ ᠪᠠᠲᠤᠯᠠᠬᠤ ᠬᠡᠷᠡᠭᠲᠡᠢ᠃ ᠲᠣᠭᠲᠠᠭᠠᠯ ᠠᠴᠠ ᠵᠥᠷᠢᠴᠡᠨ ᠤᠰᠤ ᠠᠪᠴᠤ ᠬᠡᠷᠡᠭᠯᠡᠬᠦ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠤᠰᠤ ᠠᠪᠴᠤ ᠬᠡᠷᠡᠭᠯᠡᠬᠦ ᠬᠠᠮᠢᠶᠠᠷᠤᠯᠲᠠ ᠶᠢᠨ ᠡᠮᠬᠢ ᠳᠢᠭᠯᠢᠮ ᠢ ᠪᠥᠬᠦ ᠲᠠᠯ᠎ᠠ ᠪᠠᠷ ᠵᠢᠷᠤᠮᠵᠢᠭᠤᠯᠬᠤ ᠬᠡᠷᠡᠭᠲᠡᠶ᠃ 2025 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠡᠷᠲᠡᠬᠡᠨ ᠲᠥᠯᠥᠪᠵᠢᠭᠦᠯᠵᠦ᠂ ᠡᠷᠲᠡᠬᠡᠨ ᠪᠠᠶᠢᠷᠢᠯᠠᠭᠤᠯᠵᠤ᠂ ᠡᠷᠲᠡᠬᠡᠨ ᠠᠵᠢᠯ ᠡᠬᠢᠯᠡᠭᠦᠯᠵᠦ᠂ ᠡᠷᠲᠡᠬᠡᠨ ᠦᠷ᠎ᠡ ᠪᠦᠲᠦᠮᠵᠢ ᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠸᠠᠩ ᠵᠧᠨ ᠬᠠᠢ ᠬᠤᠷᠠᠯ ᠳᠤ ᠣᠷᠣᠯᠴᠠᠪᠠ᠃                                            ᠣᠷᠴᠢᠭᠤᠯᠤᠭᠴᠢ᠄ ᠭᠤᠸ᠎ᠠ                                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2