ᠰᠦᠶ ᠸᠧᠶ ᠵᠢᠶᠦ᠋ᠨ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/6/24
   6 ᠰᠠᠷ᠎ᠠ ᠶᠢᠨ 21 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠢ ᠵᠢᠭᠠᠬᠤ ᠦᠶ᠎ᠡ ᠳᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠢ ᠰᠤᠷᠤᠯᠴᠠᠭᠤᠯᠵᠤ᠂ ᠰᠠᠬᠢᠯᠭ᠎ᠠ ᠪᠠᠲᠤ ᠶᠢ ᠣᠶᠢᠯᠠᠭᠠᠵᠤ᠂ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠰᠠᠬᠢᠯᠭ᠎ᠠ ᠪᠠᠲᠤ ᠶᠢ ᠰᠠᠬᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠰᠦᠢ ᠸᠧᠢ ᠵᠢᠶᠦ᠋ᠨ᠂ ᠪᠦᠬᠦ ᠬᠤᠳᠠ ᠶᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ︾ ᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠨᠠᠮ ᠤᠨ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢ ᠣᠨᠣᠪᠴᠢᠲᠠᠢ ᠡᠵᠡᠮᠳᠡᠵᠦ᠂ ᠴᠢᠩᠭ᠎ᠠ ᠬᠡᠷᠡᠭᠵᠢᠭᠦᠯᠵᠦ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠥᠪᠡᠷ ᠢ ᠪᠠᠨ ᠬᠢᠵᠠᠭᠠᠷᠯᠠᠬᠤ ᠪᠠᠨ ᠴᠢᠩᠭᠠᠳᠬᠠᠵᠤ᠂ ᠦᠯᠦ ᠬᠠᠯᠳᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃    ᠰᠦᠢ ᠸᠧᠢ ᠵᠢᠶᠦ᠋ᠨ᠂ ᠬᠡᠷᠡᠭ ᠢᠶᠠᠷ ᠶᠣᠰᠣ ᠰᠤᠷᠲᠠᠬᠤᠨ ᠢ ᠲᠠᠶᠢᠯᠪᠤᠷᠢᠯᠠᠬᠤ᠂ ᠬᠡᠷᠡᠭ ᠢᠶᠠᠷ ᠰᠠᠬᠢᠯᠭ᠎ᠠ ᠪᠠᠲᠤ ᠶᠢ ᠲᠠᠶᠢᠯᠪᠤᠷᠢᠯᠠᠬᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ᠂ ᠬᠡᠷᠡᠭ ᠢᠶᠠᠷ ᠬᠠᠷᠢᠭᠤᠴᠠᠯᠭ᠎ᠠ ᠶᠢ ᠲᠠᠶᠢᠯᠪᠤᠷᠢᠯᠠᠬᠤ ᠶᠢ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠲᠤᠯᠢ ᠪᠣᠯᠭᠠᠵᠤ᠂ ᠪᠦᠬᠦ ᠲᠠᠯ᠎ᠠ ᠪᠠᠷ ᠬᠠᠷᠢᠴᠠᠭᠤᠯᠤᠨ ᠪᠠᠶᠢᠴᠠᠭᠠᠵᠤ ᠲᠤᠩᠭᠠᠨ ᠪᠣᠳᠣᠯᠬᠢᠯᠠᠵᠤ᠂ ᠢᠮᠠᠭᠲᠠ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ ᠶᠢ ᠪᠡᠶᠡᠯᠡᠭᠦᠯᠬᠦ ᠬᠡᠷᠡᠭᠲᠡᠢ᠃ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠶᠢ ᠴᠢᠩᠭᠠᠳᠬᠠᠵᠤ᠂ ᠴᠢᠩᠭ᠎ᠠ ᠬᠦᠭ ᠠᠶᠠᠰ ᠢ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠲᠥᠪ ᠪᠣᠯᠭᠠᠵᠤ᠂ ᠡᠵᠡᠨ ᠬᠥᠮᠦᠨ ᠤ ᠤᠬᠠᠮᠰᠠᠷ ᠢᠶᠠᠨ ᠴᠢᠩᠭᠠᠳᠬᠠᠵᠤ᠂ ᠵᠥᠪ ᠣᠨᠣᠪᠴᠢᠲᠠᠢ ᠵᠥᠪ ᠪᠤᠷᠤᠭᠤ ᠶᠢᠨ ᠦᠵᠡᠯᠲᠡ ᠶᠢ ᠪᠤᠢ ᠪᠣᠯᠭᠠᠵᠤ᠂ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠶᠢ ᠦᠢᠯᠡᠳᠦᠯᠭᠡᠵᠢᠭᠦᠯᠵᠦ᠂ ᠲᠠᠪᠤᠨ ᠶᠡᠭᠡ ᠡᠭᠦᠷᠭᠡ᠂ ︽ᠵᠢᠷᠭᠤᠭᠠᠨ ᠢᠨᠵᠧᠨᠧᠷᠢᠩ︾ ᠵᠡᠷᠭᠡ ᠭᠤᠣᠯᠳᠠᠯᠭ᠎ᠠ ᠲᠠᠢ ᠠᠵᠢᠯ ᠢ ᠦᠨᠡᠨᠬᠦ ᠰᠠᠶᠢᠲᠤᠷ ᠪᠡᠶᠡᠯᠡᠭᠦᠯᠬᠦ ᠬᠡᠷᠡᠭᠲᠡᠢ᠃ ᠴᠢᠳᠠᠪᠤᠷᠢ ᠪᠠᠨ ᠳᠡᠭᠡᠭᠰᠢᠯᠡᠭᠦᠯᠵᠦ᠂ ᠲᠤᠰ ᠪᠡᠶ᠎ᠡ ᠶᠢᠨ ᠪᠣᠳᠠᠲᠤ ᠪᠠᠶᠢᠳᠠᠯ ᠪᠣᠯᠤᠨ ᠠᠵᠢᠯ ᠤᠨ ᠬᠡᠷᠡᠭᠴᠡᠭᠡ ᠠᠴᠠ ᠡᠭᠦᠰᠴᠦ᠂ ᠰᠢᠨ᠎ᠡ ᠮᠡᠳᠡᠯᠭᠡ ᠶᠢ ᠴᠢᠷᠮᠠᠶᠢᠨ ᠰᠤᠷᠤᠯᠴᠠᠵᠤ᠂ ᠰᠢᠨ᠎ᠡ ᠬᠦᠷᠢᠶ᠎ᠡ ᠶᠢ ᠣᠶᠢᠯᠠᠭᠠᠵᠤ᠂ ᠰᠢᠨ᠎ᠡ ᠴᠢᠳᠠᠪᠤᠷᠢ ᠶᠢ ᠡᠵᠡᠮᠰᠢᠬᠦ ᠬᠡᠷᠡᠭᠲᠡᠶ᠃ ᠴᠢᠩᠭ᠎ᠠ ᠬᠠᠮᠢᠶᠠᠷᠴᠤ ᠭᠦᠨ ᠬᠠᠶᠢᠷᠠᠯᠠᠬᠤ ᠶᠢ ᠪᠠᠷᠢᠮᠲᠠᠯᠠᠵᠤ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠪᠠ ᠡᠭᠦᠷᠭᠡᠯᠡᠬᠦ ᠶᠢ ᠵᠣᠷᠢᠭᠵᠢᠭᠤᠯᠬᠤ ᠶᠢ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠨᠠᠮ ᠤᠨ ᠭᠡᠰᠢᠭᠦᠨ ᠺᠠᠳ᠋ᠷᠴᠤᠳ ᠢ ᠳᠠᠷᠤᠭᠠᠰᠤ ᠪᠠ ᠡᠷᠡᠭᠡᠯᠵᠡᠭᠡ ᠪᠠᠨ ᠦᠨᠡᠨᠬᠦ ᠲᠠᠶᠠᠭᠳᠠᠵᠤ᠂ ᠨᠢᠭᠡ ᠯᠡ ᠰᠡᠳᠬᠢᠯ ᠢᠶᠠᠷ ᠠᠵᠢᠯ ᠦᠢᠯᠡᠰ ᠲᠡᠭᠡᠨ ᠵᠢᠳᠬᠦᠬᠦ ᠪᠣᠯᠭᠠᠬᠤ ᠬᠡᠷᠡᠭᠲᠡᠢ ᠭᠡᠵᠦ ᠬᠡᠯᠡᠪᠡ᠃    ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢ ᠴᠧᠩ ᠭᠤᠸᠠᠩ ᠪᠥᠬᠦ ᠬᠤᠲᠠ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠ ᠰᠠᠬᠢᠯᠭ᠎ᠠ ᠪᠠᠲᠤ ᠶᠢ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠵᠠᠳᠠᠯᠤᠯᠲᠠ ᠬᠢᠵᠡᠶ᠃ ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃    ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃    ᠬᠤᠷᠠᠯ ᠠᠴᠠ ᠡᠮᠦᠨ᠎ᠡ᠂ ᠬᠤᠲᠠ ᠶᠢᠨ ᠱᠠᠲᠤᠨ ᠤ ᠨᠠᠮ ᠤᠨ ᠭᠡᠰᠢᠭᠦᠨ ᠤᠳᠤᠷᠢᠳᠬᠤ ᠨᠥᠬᠦᠳ ᠪᠠᠰᠠ ᠬᠤᠲᠠ ᠶᠢᠨ ᠴᠢᠬᠡᠴᠢ ᠵᠠᠰᠠᠭ ᠤᠨ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠳᠤ ᠣᠷᠣᠯᠴᠠᠵᠤ᠂ ᠴᠢᠬᠡᠴᠢ ᠵᠠᠰᠠᠭ ᠤᠨ ᠬᠥᠮᠦᠵᠢᠯ ᠤᠨ ᠦᠵᠡᠭᠦᠯᠦᠯᠭᠡ ᠶᠢ ᠬᠠᠮᠲᠤ ᠪᠠᠷ ᠲᠣᠭᠤᠷᠢᠨ ᠦᠵᠡᠭᠰᠡᠨ ᠪᠥᠭᠡᠳ ᠨᠠᠮ ᠳᠤ ᠣᠷᠣᠬᠤ ᠲᠠᠩᠭᠠᠷᠢᠭ ᠢᠶᠠᠨ ᠳᠠᠬᠢᠨ ᠡᠷᠭᠢᠴᠡᠭᠦᠯᠪᠡ᠃                                        ᠣᠷᠴᠢᠭᠤᠯᠤᠭᠴᠢ᠄ ᠭᠤᠸ᠎ᠠ                                        ᠬᠢᠨᠠᠭᠴᠢ᠄ ᠠᠷᠢᠭᠤᠨ    
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2