ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠰᠠᠨᠠᠭᠤᠯᠭ᠎ᠠ ᠶᠢᠨ ᠲᠥᠷᠥᠯ ᠵᠦᠢᠯ ᠢ ᠳᠠᠬᠢᠨᠲᠠ ᠴᠤᠭᠯᠠᠭᠤᠯᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/6/25
    ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢᠵᠢᠭᠤᠯᠬᠤ ᠶᠢ ᠠᠬᠢᠭᠤᠯᠬᠤ ᠶᠢᠨ ᠲᠤᠰᠠᠳᠠ᠂ ︽ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ︵ᠤᠯᠤᠰ ᠤᠨ ᠵᠠᠷᠯᠢᠭ 713 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 248 ᠳ᠋ᠤᠭᠠᠷ ᠲᠣᠭᠠᠲᠤ︶᠂ ︽ᠤᠯᠠᠭᠠᠨᠴᠠᠪ ᠬᠤᠲᠠ ᠶᠢᠨ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ︵ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ ︹2021︺ 24 ᠳ᠋ᠤᠭᠡᠷ ᠲᠣᠭᠠᠲᠤ︶ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠡᠳᠦᠭᠡ ᠨᠡᠶᠢᠭᠡᠮ ᠨᠡᠶᠢᠲᠡ ᠠᠴᠠ 2024 ᠣᠨ ᠤ ᠬᠤᠲᠠ ᠶᠢᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠰᠠᠨᠠᠭᠤᠯᠭ᠎ᠠ ᠶᠢᠨ ᠲᠥᠷᠥᠯ ᠵᠦᠢᠯ ᠢ ᠳᠠᠬᠢᠨᠲᠠ ᠴᠤᠭᠯᠠᠭᠤᠯᠵᠦ ᠪᠠᠶᠢᠨ᠎ᠠ᠃ ᠡᠳᠦᠭᠡ ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ᠨᠢᠭᠡ᠂ ᠰᠠᠨᠠᠭᠤᠯᠭ᠎ᠠ ᠶᠢᠨ ᠲᠥᠷᠥᠯ ᠵᠦᠢᠯ ᠡᠯᠰᠡᠬᠦ ᠬᠡᠪᠴᠢᠶ᠎ᠡ    ᠳᠣᠤᠷᠠᠬᠢ ᠵᠦᠢᠯᠡᠰ ᠢ  ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠭᠠᠷᠴᠠᠭ ᠲᠤ ᠣᠷᠣᠭᠤᠯᠬᠤ ᠬᠡᠷᠡᠭᠲᠡᠶ᠄    ︵ᠨᠢᠭᠡ︶ ᠣᠯᠠᠨ ᠨᠡᠶᠢᠲᠡ ᠶᠢᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠷᠴᠢᠨ ᠠᠬᠤᠢ ᠶᠢᠨ ᠬᠠᠮᠠᠭᠠᠯᠠᠯᠲᠠ ᠵᠡᠷᠭᠡ ᠲᠠᠯ᠎ᠠ ᠳᠤ ᠬᠤᠯᠪᠤᠭᠳᠠᠬᠤ ᠣᠯᠠᠨ ᠨᠡᠶᠢᠲᠡ ᠶᠢᠨ ᠴᠢᠬᠤᠯᠠ ᠶᠡᠭᠡ ᠲᠥᠷᠥ ᠶᠢᠨ ᠪᠣᠳᠤᠯᠭ᠎ᠠ ᠪᠣᠯᠤᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃    ︵ᠬᠤᠶᠠᠷ︶ ᠠᠵᠤ ᠠᠬᠤᠢ ᠪᠠ ᠨᠡᠶᠢᠭᠡᠮ ᠤᠨ ᠬᠥᠭᠵᠢᠯᠲᠡ ᠵᠡᠷᠭᠡ ᠲᠠᠯ᠎ᠠ ᠶᠢᠨ ᠴᠢᠬᠤᠯᠠ ᠲᠥᠯᠥᠪᠵᠢᠭᠦᠯᠭᠡ ᠶᠢ ᠲᠣᠭᠲᠠᠭᠠᠨ᠎ᠠ᠃    ︵ᠭᠤᠷᠪᠠ︶ ᠪᠠᠶᠢᠭᠠᠯᠢ ᠶᠢᠨ ᠡᠬᠢ ᠪᠠᠶᠠᠯᠢᠭ ᠪᠠ ᠰᠣᠶᠣᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠠᠮᠠᠭᠠᠯᠠᠬᠤ ᠤᠯᠠᠨ ᠨᠡᠶᠢᠲᠡ ᠶᠢᠨ ᠴᠢᠬᠤᠯᠠ ᠶᠡᠭᠡ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ᠃    ︵ᠲᠦᠷᠪᠡ︶ ᠲᠤᠰ ᠵᠠᠰᠠᠭ ᠵᠠᠬᠢᠷᠭᠠᠨ ᠤ ᠣᠷᠣᠨ ᠳᠤ ᠬᠡᠷᠡᠭᠵᠢᠭᠦᠯᠬᠦ ᠣᠯᠠᠨ ᠨᠡᠶᠢᠲᠡ ᠶᠢᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠠᠨ᠎ᠠ᠃    ︵ᠲᠠᠪᠤ︶ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ᠂ ᠣᠯᠠᠨ ᠨᠡᠶᠢᠲᠡ ᠶᠢᠨ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠤᠰᠤᠳ ᠴᠢᠬᠤᠯᠠ ᠵᠦᠢᠯᠡᠰ ᠢ ᠲᠣᠭᠲᠠᠭᠠᠨ᠎ᠠ᠃    ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠤᠰ ᠵᠦᠢᠯ ᠤᠨ ᠨᠢᠭᠡᠳᠦᠭᠡᠷ ᠵᠤᠷᠪᠤᠰ ᠲᠤ ᠲᠣᠭᠲᠠᠭᠠᠭᠰᠠᠨ ᠤᠴᠢᠷ ᠶᠠᠪᠤᠳᠠᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠤᠬᠠᠶ ᠪᠤᠰᠤᠳ ᠲᠣᠭᠲᠠᠭᠠᠯ ᠪᠠᠶᠢᠪᠠᠯ ᠲᠡᠷᠡ ᠲᠣᠭᠲᠠᠭᠠᠯ ᠢ ᠵᠢᠷᠤᠮᠯᠠᠬᠤ ᠬᠡᠷᠡᠭᠲᠡᠶ᠃ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠰᠢᠢᠳᠪᠦᠷᠢᠲᠦ ᠪᠣᠳᠣᠯᠭ᠎ᠠ ᠵᠢᠴᠢ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠢᠢᠳᠪᠦᠷᠢᠲᠦ ᠪᠣᠳᠣᠯᠭ᠎ᠠ ᠶᠢ  ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠲᠤ ᠣᠷᠣᠭᠤᠯᠬᠤ ᠦᠭᠡᠶ᠃ᠬᠤᠶᠠᠷ᠂ ᠰᠠᠨᠠᠭᠤᠯᠭ᠎ᠠ ᠶᠢᠨ ᠲᠦᠷᠦᠯ ᠵᠦᠢᠯ ᠢ ᠲᠤᠭᠤᠷᠪᠢᠨ ᠲᠣᠭᠲᠠᠭᠠᠬᠤ ᠳᠡᠰ ᠳᠠᠷᠠᠭᠠᠯᠠᠯ    ᠡᠯ᠎ᠡ ᠲᠠᠯ᠎ᠠ ᠶᠢᠨ ᠬᠢᠨ ᠤ ᠳᠤᠷᠠᠳᠤᠭᠰᠠᠨ ᠰᠢᠢᠳᠪᠦᠷᠢᠲᠦ ᠪᠣᠳᠣᠯᠭ᠎ᠠ ᠶᠢᠨ ᠲᠦᠷᠦᠯ ᠵᠦᠢᠯ ᠤᠨ ᠰᠠᠨᠠᠭᠤᠯᠭ᠎ᠠ ᠶᠢ ᠳᠣᠣᠷᠠᠬᠢ ᠲᠣᠭᠲᠠᠭᠠᠯ ᠶᠣᠰᠣᠭᠠᠷ ᠰᠤᠳᠤᠯᠤᠨ ᠨᠤᠲᠠᠯᠠᠭᠰᠠᠨ ᠤ ᠳᠠᠷᠠᠭ᠎ᠠ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠵᠦ ᠬᠤᠷᠢᠶᠠᠩᠭᠤᠶᠢᠯᠠᠯ ᠬᠢᠯᠭᠡᠨ᠎ᠡ᠄    ︵ᠨᠢᠭᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠤᠷᠠᠳᠤᠭᠰᠠᠨ ᠰᠢᠢᠳᠪᠦᠷᠢᠲᠦ ᠪᠣᠳᠣᠯᠭ᠎ᠠ ᠶᠢᠨ ᠲᠦᠷᠦᠯ ᠵᠦᠢᠯ ᠤᠨ ᠰᠠᠨᠠᠭᠤᠯᠭ᠎ᠠ ᠶᠢ ᠬᠤᠲᠠ ᠶᠢᠨ ᠵᠠᠰᠠᠭ ᠤᠨ ᠣᠷᠳᠣᠨ ᠤ ᠬᠠᠷᠢᠶ᠎ᠠ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠲᠤᠰᠢᠶᠠᠵᠤ ᠰᠤᠳᠤᠯᠤᠨ ᠨᠤᠲᠠᠯᠠᠭᠤᠯᠤᠭᠰᠠᠨ ᠤ ᠳᠠᠷᠠᠭ᠎ᠠ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠲᠦᠷᠦᠯ ᠵᠦᠢᠯ ᠤᠨ ᠰᠠᠨᠠᠭᠤᠯᠭ᠎ᠠ ᠶᠢᠨ ᠬᠦᠰᠦᠨᠦᠭᠲᠦ ᠶᠢ ᠲᠠᠭᠯᠠᠵᠤ᠂ ᠬᠤᠪᠢᠳᠠᠨ ᠬᠠᠮᠢᠶᠠᠷᠴᠤ ᠪᠦᠬᠦᠢ ᠬᠤᠲᠠ ᠶᠢᠨ ᠳᠠᠷᠤᠭ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠢ᠃    ︵ᠬᠤᠶᠠᠷ︶ ᠬᠤᠲᠠ ᠶᠢᠨ ᠵᠠᠰᠠᠭ ᠤᠨ ᠣᠷᠳᠣᠨ ᠤ ᠬᠠᠷᠢᠶ᠎ᠠ ᠰᠠᠯᠠᠭ᠎ᠠ ᠮᠥᠴᠢᠷ ᠤᠨ ᠳᠤᠷᠠᠳᠤᠭᠰᠠᠨ ᠰᠢᠢᠳᠪᠦᠷᠢᠲᠦ ᠪᠣᠳᠣᠯᠭ᠎ᠠ ᠶᠢᠨ ᠲᠦᠷᠦᠯ ᠵᠦᠢᠯ ᠤᠨ ᠰᠠᠨᠠᠭᠤᠯᠭ᠎ᠠ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠤᠳᠤᠯᠤᠨ ᠨᠤᠲᠠᠯᠠᠭᠰᠠᠨ ᠤ ᠳᠠᠷᠠᠭ᠎ᠠ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠲᠦᠷᠦᠯ ᠵᠦᠢᠯ ᠤᠨ ᠰᠠᠨᠠᠭᠤᠯᠭ᠎ᠠ ᠶᠢᠨ ᠬᠦᠰᠦᠨᠦᠭᠲᠦ ᠶᠢ ᠲᠠᠭᠯᠠᠵᠤ᠂ ᠬᠤᠪᠢᠳᠠᠨ ᠬᠠᠮᠢᠶᠠᠷᠴᠤ ᠪᠠᠶᠢᠭ᠎ᠠ ᠬᠤᠲᠠ ᠶᠢᠨ ᠳᠠᠷᠤᠭ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠢ᠃    ︵ᠭᠤᠷᠪᠠ︶ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠳᠤᠷᠠᠳᠤᠭᠰᠠᠨ ᠰᠢᠢᠳᠪᠦᠷᠢᠲᠦ ᠪᠣᠳᠣᠯᠭ᠎ᠠ ᠶᠢᠨ ᠲᠦᠷᠦᠯ ᠵᠦᠢᠯ ᠤᠨ ᠰᠠᠨᠠᠭᠤᠯᠭ᠎ᠠ ᠶᠢ ᠰᠤᠳᠤᠯᠤᠨ ᠨᠤᠲᠠᠯᠠᠭᠰᠠᠨ ᠤ ᠳᠠᠷᠠᠭ᠎ᠠ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠲᠦᠷᠦᠯ ᠵᠦᠢᠯ ᠤᠨ ᠰᠠᠨᠠᠭᠤᠯᠭ᠎ᠠ ᠶᠢᠨ ᠬᠦᠰᠦᠨᠦᠭᠲᠦ ᠶᠢ ᠲᠠᠭᠯᠠᠨ ᠮᠡᠳᠡᠭᠦᠯᠵᠦ᠂ ᠬᠤᠪᠢᠳᠠᠨ ᠬᠠᠮᠢᠶᠠᠷᠴᠤ ᠪᠦᠬᠦᠢ ᠬᠤᠲᠠ ᠶᠢᠨ ᠳᠠᠷᠤᠭ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠢ᠃    ︵ᠲᠦᠷᠪᠡ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠠᠨᠠᠭᠤᠯᠭ᠎ᠠ᠂ ᠰᠠᠨᠠᠯ ᠳᠤᠷᠠᠳᠤᠯᠭ᠎ᠠ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠳᠤᠷᠠᠳᠤᠭᠰᠠᠨ ᠰᠢᠢᠳᠪᠦᠷᠢᠲᠦ ᠪᠣᠳᠣᠯᠭ᠎ᠠ ᠶᠢᠨ ᠲᠦᠷᠦᠯ ᠵᠦᠢᠯ ᠤᠨ ᠰᠠᠨᠠᠭᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠳᠤ ᠲᠤᠰᠢᠶᠠᠨ ᠥᠭᠴᠦ ᠰᠤᠳᠤᠯᠤᠨ ᠨᠤᠲᠠᠯᠠᠯᠲᠠ ᠬᠢᠯᠭᠡᠵᠦ᠂ ᠳᠠᠭᠠᠭᠠᠨ ᠭᠦᠢᠴᠡᠳᠬᠡᠬᠦ ᠨᠢᠭᠡᠴᠢ ᠠᠴᠠ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠲᠦᠷᠦᠯ ᠵᠦᠢᠯ ᠤᠨ ᠰᠠᠨᠠᠭᠤᠯᠭ᠎ᠠ ᠶᠢᠨ ᠬᠦᠰᠦᠨᠦᠭᠲᠦ ᠶᠢ ᠲᠠᠭᠯᠠᠵᠤ᠂ ᠬᠤᠪᠢᠳᠠᠨ ᠬᠠᠮᠢᠶᠠᠷᠴᠤ ᠪᠠᠶᠢᠭ᠎ᠠ ᠬᠤᠲᠠ ᠶᠢᠨ ᠳᠠᠷᠤᠭ᠎ᠠ  ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠢ᠃    ︵ᠲᠠᠪᠤ︶ ᠠᠷᠠᠳ ᠢᠷᠭᠡᠨ᠂ ᠬᠠᠤᠯᠢ ᠶᠢᠨ ᠡᠷᠭᠡᠳᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠰᠢᠢᠳᠪᠦᠷᠢᠲᠦ ᠪᠤᠳᠤᠯᠭ᠎ᠠ ᠶᠢᠨ ᠲᠦᠷᠦᠯ ᠵᠦᠢᠯ ᠤᠨ ᠰᠠᠨᠠᠭᠤᠯᠭ᠎ᠠ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠢᠶᠠᠨ ᠰᠤᠳᠤᠯᠤᠭᠤᠯᠵᠤ ᠨᠤᠲᠠᠯᠠᠭᠤᠯᠤᠭᠰᠠᠨ ᠤ ᠳᠠᠷᠠᠭ᠎ᠠ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠦᠷᠦᠯ ᠵᠦᠢᠯ ᠤᠨ ᠰᠠᠨᠠᠭᠤᠯᠭ᠎ᠠ ᠶᠢᠨ ᠬᠦᠰᠦᠨᠦᠭᠲᠦ ᠶᠢ ᠲᠠᠭᠯᠠᠵᠤ᠂ ᠬᠤᠪᠢᠳᠠᠨ ᠬᠠᠮᠢᠶᠠᠷᠴᠤ ᠪᠠᠶᠢᠭ᠎ᠠ ᠬᠤᠳᠠ ᠶᠢᠨ ᠳᠠᠷᠤᠭ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠢ᠃ᠭᠤᠷᠪᠠ᠂ ᠰᠠᠨᠠᠭᠤᠯᠭ᠎ᠠ ᠶᠢᠨ ᠲᠥᠷᠥᠯ ᠵᠦᠢᠯ ᠡᠯᠰᠡᠬᠦ ᠴᠠᠭ    2024 ᠣᠨ ᠤ 6 ᠰᠠᠷ᠎ᠠ ᠶᠢᠨ 19 ᠤ ᠡᠳᠦᠷ ᠠᠴᠠ 2024 ᠣᠨ ᠤ 7 ᠰᠠᠷ᠎ᠠ ᠶᠢᠨ 19 ᠤ ᠡᠳᠦᠷ ᠪᠣᠯᠲᠠᠯ᠎ᠠ᠃ᠳᠥᠷᠪᠡ᠂ ᠰᠠᠨᠠᠭᠤᠯᠭ᠎ᠠ ᠶᠢᠨ ᠲᠥᠷᠥᠯ ᠵᠦᠢᠯ ᠢ ᠮᠡᠳᠡᠭᠦᠯᠦᠨ ᠬᠦᠷᠭᠡᠬᠦ ᠱᠠᠭᠠᠷᠳᠠᠯᠭ᠎ᠠ    ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠨᠡᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠰᠠᠨᠠᠭᠤᠯᠭ᠎ᠠ ᠶᠢᠨ ᠲᠦᠷᠦᠯ ᠵᠦᠢᠯ ᠢ ᠡᠯᠰᠡᠬᠦ ᠬᠡᠪᠴᠢᠶ᠎ᠡ ᠶᠣᠰᠣᠭᠠᠷ ᠰᠠᠨᠠᠭᠤᠯᠭ᠎ᠠ ᠶᠢᠨ ᠲᠦᠷᠦᠯ ᠵᠦᠢᠯ ᠢ ᠨᠠᠷᠢᠨ ᠬᠢᠨᠠᠮᠠᠭᠠᠢ ᠰᠤᠳᠤᠯᠤᠨ ᠳᠤᠷᠠᠳᠴᠤ᠂ ᠰᠠᠨᠠᠭᠤᠯᠭ᠎ᠠ ᠶᠢ ᠴᠢᠩᠭ᠎ᠠ ᠭᠦᠢᠴᠡᠳᠬᠡᠬᠦ ᠬᠡᠷᠡᠭᠲᠡᠢ᠃ᠲᠠᠪᠤ᠂ ᠰᠠᠨᠠᠭᠤᠯᠭ᠎ᠠ ᠶᠢᠨ ᠲᠥᠷᠥᠯ ᠵᠦᠢᠯ ᠢ ᠮᠡᠳᠡᠭᠦᠯᠦᠨ ᠬᠦᠷᠭᠡᠬᠦ ᠠᠷᠭ᠎ᠠ ᠮᠠᠶ᠋ᠢᠭ    ︵ᠨᠢᠭᠡ︶ ᠮᠡᠳᠡᠭᠦᠯᠦᠨ ᠬᠦᠷᠭᠡᠬᠦ ᠦᠶ᠎ᠡ ᠳᠤ ︽ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠲᠦᠷᠦᠯ ᠵᠦᠢᠯ ᠤᠨ ᠰᠠᠨᠠᠭᠤᠯᠭ᠎ᠠ ᠶᠢᠨ ᠬᠦᠰᠦᠨᠦᠭᠲᠦ︾ ᠶᠢ ᠲᠠᠭᠯᠠᠵᠤ᠂ ᠰᠠᠨᠠᠭᠤᠯᠭ᠎ᠠ ᠶᠢᠨ ᠲᠦᠷᠦᠯ ᠵᠦᠢᠯ ᠤᠨ ᠨᠡᠷᠡᠶᠢᠳᠦᠯ᠂ ᠰᠠᠨᠠᠭᠤᠯᠭ᠎ᠠ ᠶᠢ ᠳᠠᠭᠠᠭᠠᠨ ᠭᠦᠢᠴᠡᠳᠭᠡᠬᠦ ᠨᠢᠭᠡᠴᠢ᠂ ᠰᠠᠨᠠᠭᠤᠯᠭ᠎ᠠ ᠶᠢ ᠳᠠᠭᠠᠭᠠᠨ ᠭᠦᠢᠴᠡᠳᠭᠡᠬᠦ ᠴᠠᠭ᠂ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ᠂ ᠰᠢᠢᠳᠪᠦᠷᠢᠲᠦ ᠪᠣᠳᠣᠯᠭ᠎ᠠ ᠶᠢᠨ ᠴᠢᠬᠤᠯᠠ ᠴᠢᠨᠠᠷ ᠪᠠ ᠪᠣᠯᠤᠮᠵᠢᠲᠤ ᠴᠢᠨᠠᠷ᠂ ᠰᠢᠢᠳᠪᠦᠷᠢᠲᠦ ᠪᠣᠳᠣᠯᠭ᠎ᠠ ᠶᠢᠨ ᠭᠤᠣᠯ ᠠᠭᠤᠯᠭ᠎ᠠ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠰᠠᠨᠠᠯ᠂ ᠬᠠᠷᠢᠯᠴᠠᠬᠤ ᠬᠥᠮᠥᠨ ᠪᠠ ᠬᠠᠷᠢᠯᠴᠠᠬᠤ ᠠᠷᠭ᠎ᠠ ᠮᠠᠶ᠋ᠢᠭ ᠢᠶᠠᠨ ᠲᠣᠳᠣᠷᠬᠠᠶ ᠪᠢᠴᠢᠬᠦ ᠬᠡᠷᠡᠭᠲᠡᠢ᠃    ︵ᠬᠤᠶᠠᠷ︶ ᠢᠮᠧᠯ᠂ ᠵᠠᠬᠢᠳᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠡᠳᠡᠭᠦᠯᠦᠨ ᠬᠦᠷᠭᠡᠬᠦ ᠳᠤ ᠪᠠᠨ ᠢᠮᠧᠯ ᠤᠨ ᠭᠠᠷᠴᠠᠭ ᠪᠤᠶᠤ ᠵᠠᠬᠢᠳᠠᠯ ᠤᠨ ᠳᠤᠭᠲᠤᠢ ᠳᠡᠭᠡᠷ᠎ᠡ ︽ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠷᠦᠯ ᠵᠦᠢᠯ ᠢ ᠡᠯᠰᠡᠨ ᠴᠤᠭᠯᠠᠭᠤᠯᠬᠤ︾ ᠭᠡᠬᠦ ᠦᠰᠦᠭ ᠢᠶᠠᠷ ᠲᠣᠳᠣᠷᠬᠠᠶᠢᠯᠠᠭᠠᠷᠠᠢ᠃    ᠬᠠᠶ᠋ᠢᠭ᠄ ᠤᠯᠠᠭᠠᠨᠴᠠᠪ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠮᠣ ᠠᠰᠠᠷ ᠤᠨ 1005 ᠲᠠᠰᠤᠭ᠂ ᠰᠢᠤᠳᠠᠨ ᠨᠣᠮᠧᠷ᠄ 012000︶    ᠬᠠᠷᠢᠯᠴᠠᠬᠤ ᠬᠥᠮᠦᠨ᠄ ᠯᠢ ᠵᠢᠶᠦ᠋ᠨ ᠯᠠᠨ᠂ ᠯᠢ ᠰᠢᠤᠸᠠᠢ ᠷᠦᠩ    ᠬᠠᠷᠢᠯᠴᠠᠬᠤ ᠤᠲᠠᠰᠤ᠄ 0474 - 8981018    ᠢᠮᠧᠯ᠄ wlcbssl@163.com                                     ᠤᠯᠠᠭᠠᠨᠴᠠᠪ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ                                          2024 ᠣᠨ ᠤ 6 ᠰᠠᠷ᠎ᠠ ᠶᠢᠨ 18 ᠤ ᠡᠳᠦᠷ
 
ᠢᠷᠡᠯᠲᠡ᠄ ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2