ᠴᠢ ᠹᠸᠢ ᠶᠦᠨ ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠵᠢᠭᠠᠬᠤ ᠶᠢᠨ ᠬᠠᠮᠲᠤ ᠴᠠᠭ ᠤᠨ ᠪᠠᠶᠢᠳᠠᠯ ᠲᠥᠷᠥ ᠶᠢᠨ ᠪᠣᠳᠣᠯᠭ᠎ᠠ ᠶᠢᠨ ᠮᠡᠳᠡᠭᠦᠯᠦᠯᠲᠡ ᠬᠢᠪᠠ
ᠨᠡᠶᠢᠲᠡᠯᠡᠭᠰᠡᠨ ᠴᠠᠭ᠄
2024/6/25
    6 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ᠂ ᠥᠷᠭᠡᠨ ᠣᠯᠠᠨ ᠪᠠᠭᠰᠢ ᠰᠤᠷᠤᠭᠴᠢᠳ ᠲᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠵᠢᠭᠠᠬᠤ ᠶᠢᠨ ᠬᠠᠮᠲᠤ ᠴᠠᠭ ᠤᠨ ᠪᠠᠶᠢᠳᠠᠯ ᠲᠥᠷᠥ ᠶᠢᠨ ᠪᠣᠳᠣᠯᠭ᠎ᠠ ᠶᠢᠨ ᠮᠡᠳᠡᠭᠦᠯᠦᠯᠲᠡ ᠬᠢᠪᠠ᠃     ᠮᠡᠳᠡᠭᠦᠯᠦᠯᠲᠡ ᠶᠢᠨ ᠬᠤᠷᠠᠯ ᠳᠡᠭᠡᠷ᠎ᠡ᠂ ᠴᠢ ᠹᠸᠢ ᠶᠦᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠪᠣᠳᠠᠲᠠᠢ ᠲᠦᠷᠦᠭᠳᠡᠯ ᠲᠠᠢ ᠪᠦᠲᠦᠮᠵᠢᠲᠡᠢ ᠪᠠᠲᠤ ᠴᠤᠭᠴᠠᠯᠠᠶ᠎ᠠ︾ ᠭᠡᠬᠦ ᠰᠡᠳᠦᠪ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢᠨ ᠲᠣᠭᠤᠷᠢᠨ ᠳᠤ ᠥᠷᠭᠡᠨ ᠤᠯᠠᠨ ᠪᠠᠭᠰᠢ ᠰᠤᠷᠤᠭᠴᠢᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠠᠲᠤ ᠴᠣᠭᠴᠠᠯᠠᠬᠤ ᠶᠢ ᠰᠤᠷᠭᠠᠭᠤᠯᠢ ᠡᠷᠬᠢᠯᠡᠬᠦ ᠰᠤᠷᠭᠠᠭᠤᠯᠢ ᠶᠢ ᠵᠠᠰᠠᠬᠤ ᠪᠦᠬᠦ ᠶᠠᠪᠤᠴᠠ᠂ ᠡᠯ᠎ᠡ ᠬᠦᠷᠢᠶᠡᠨ ᠳᠤ ᠲᠤᠭᠤᠰᠢᠯᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠬᠤᠣᠰ ᠳᠡᠭᠡᠳᠦ︾᠂ ︽ᠬᠤᠣᠰ ᠰᠢᠯᠢᠳᠡᠭ︾ ᠲᠥᠯᠥᠪᠯᠡᠭᠡ ᠶᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠰᠠᠭᠤᠷᠢ ᠪᠠᠨ ᠪᠠᠬᠢᠵᠢᠭᠦᠯᠬᠦ᠂ ᠮᠡᠷᠭᠡᠵᠢᠯ ᠢᠶᠠᠨ ᠴᠢᠩᠭᠠᠳᠬᠠᠬᠤ᠂ ᠦᠢᠯᠡᠳᠦᠯᠭᠡ ᠪᠠᠨ ᠴᠢᠩᠭᠠᠳᠬᠠᠬᠤ᠂ ᠰᠢᠨ᠎ᠡ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠨᠴᠠᠯᠢᠬᠳᠤ ᠬᠢᠴᠢᠶᠡᠯ ᠢ ᠳᠠᠬᠢᠨ ᠡᠭᠦᠳᠬᠦ ᠰᠢᠰᠲ᠋ᠧᠮ ᠢ ᠪᠠᠶᠢᠭᠤᠯᠵᠤ᠂ ᠨᠡᠩ ᠤᠯᠠᠨ ᠥᠨᠳᠥᠷ ᠬᠡᠪ ᠪᠣᠯᠪᠠᠰᠤᠷᠠᠯ ᠲᠠᠢ ᠤᠷ᠎ᠠ ᠮᠡᠷᠭᠡᠵᠢᠯ ᠤᠨ ᠴᠢᠳᠠᠪᠤᠷᠢᠲᠠᠨ᠂ ᠤᠷᠠᠨ ᠳᠠᠷᠬᠠᠨ᠂ ᠲᠤᠮᠤ ᠤᠯᠤᠰ ᠤᠨ ᠤᠷᠠᠨ ᠳᠠᠷᠬᠠᠨ ᠢ ᠬᠥᠮᠦᠵᠢᠭᠦᠯᠵᠦ᠂ ᠥᠪᠡᠷᠲᠡᠭᠡᠨ ᠵᠠᠰᠠᠬᠤ ᠣᠷᠣᠨ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃     ᠴᠢ ᠹᠸᠢ ᠶᠦᠨ ᠥᠷᠭᠡᠨ ᠣᠯᠠᠨ ᠪᠠᠭᠰᠢ ᠰᠤᠷᠤᠭᠴᠢᠳ ᠲᠤ ᠬᠦᠨᠳᠦ ᠬᠦᠰᠡᠯ ᠨᠠᠶᠢᠳᠠᠯᠭ᠎ᠠ ᠲᠠᠯᠪᠢᠵᠤ᠂ ᠥᠷᠭᠡᠨ ᠣᠯᠠᠨ ᠪᠠᠭᠰᠢ ᠨᠠᠷ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠡᠶ᠎ᠡ ᠪᠠᠷ ᠢᠶᠠᠨ ᠵᠢᠭᠠᠨ ᠰᠤᠷᠭᠠᠬᠤ ᠲᠠᠪᠴᠠᠩ ᠪᠠᠶᠢᠭᠤᠯᠵᠤ᠂ ᠬᠦᠴᠦᠷᠬᠡᠭ ᠤᠯᠤᠰ ᠲᠤ ᠬᠦᠴᠦ ᠪᠠᠨ ᠡᠷᠭᠦᠬᠦ ᠬᠦᠰᠡᠯ ᠵᠣᠷᠢᠭ ᠢ ᠪᠣᠶ ᠪᠣᠯᠭᠠᠵᠤ᠂ ᠨᠠᠮ ᠪᠣᠯᠤᠨ ᠤᠯᠤᠰ ᠤᠨ ᠲᠥᠯᠥᠭᠡ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠲᠤᠯᠭᠠᠭᠤᠷᠢ ᠴᠢᠳᠠᠪᠤᠷᠢᠲᠠᠨ ᠢ ᠬᠥᠮᠦᠵᠢᠭᠦᠯᠵᠦ ᠥᠭᠬᠦ ᠶᠢ ᠬᠦᠰᠡᠵᠡᠢ᠃ ᠥᠷᠭᠡᠨ ᠤᠯᠠᠨ ᠰᠤᠷᠤᠭᠴᠢᠳ ᠢ ᠡᠵᠡᠨ ᠬᠥᠮᠦᠨ ᠤ ᠴᠢᠩᠭ᠎ᠠ ᠤᠬᠠᠮᠰᠠᠷ ᠢᠶᠠᠷ᠂ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠳᠤ ᠲᠠᠯᠠᠷᠬᠠᠵᠤ᠂ ᠨᠠᠮ ᠢᠶᠠᠨ ᠲᠠᠭᠠᠵᠤ᠂ ᠬᠤᠪᠢ ᠬᠥᠮᠦᠨ ᠤ ᠬᠦᠰᠡᠯᠡᠩ ᠬᠥᠭᠡᠭᠡᠴᠡᠯᠳᠦᠯ ᠢᠶᠠᠨ ᠤᠯᠤᠰ ᠤᠨ ᠬᠥᠭᠵᠢᠯᠲᠡ ᠳᠤ ᠠᠭᠤᠰᠤᠯᠴᠠᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ ᠵᠠᠯᠠᠭᠤ ᠨᠠᠰᠤᠨ ᠤ ᠢᠷᠠᠭᠤ ᠬᠠᠭᠤᠳᠠᠰᠤ ᠶᠢ ᠪᠢᠴᠢᠭᠯᠡᠬᠦ ᠶᠢ ᠵᠣᠷᠢᠭᠵᠢᠭᠤᠯᠪᠠ᠃                                     ᠣᠷᠴᠢᠭᠤᠯᠤᠭᠴᠢ᠄ ᠭᠤᠸ᠎ᠠ                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2