1.5 ᠲᠦᠮᠡᠨ ᠮᠥᠬᠦᠯᠢᠭ ᠰᠠᠨᠰᠠᠷ ᠲᠤ ᠭᠠᠷᠤᠭᠰᠠᠨ ᠵᠢᠵᠢᠭ ᠲᠥᠮᠥᠰᠥ ᠨᠢ ᠤᠯᠠᠭᠠᠨᠴᠠᠪ ᠬᠤᠳᠠ ᠶᠢᠨ ᠱᠠᠩᠳᠤ ᠰᠢᠶᠠᠨ ᠳᠤ ᠨᠤᠲᠤᠭᠰᠢᠪᠠ
ᠨᠡᠶᠢᠲᠡᠯᠡᠭᠰᠡᠨ ᠴᠠᠭ᠄
2024/6/25
       ᠤᠯᠠᠭᠠᠨᠴᠠᠪ ᠬᠤᠲᠠ ᠶᠢᠨ ᠱᠠᠩᠳᠤ ᠰᠢᠶᠠᠨ ᠤ ᠲᠥᠮᠥᠰᠥ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ᠂ ᠠᠳᠡᠬᠢ ᠰᠠᠨᠰᠠᠷ ᠤᠨ ᠠᠶᠠᠯᠠᠯ ᠤᠨ ᠦᠷ᠎ᠡ ᠪᠤᠶᠢᠵᠢᠭᠤᠯᠬᠤ ᠲᠤᠷᠰᠢᠯᠲᠠ ᠶᠢᠨ ᠲᠠᠷᠢᠶ᠎ᠠ ᠨᠢ ᠨᠢᠭᠡᠨᠲᠡ ᠲᠠᠪᠤᠨ ᠲᠦᠮᠡ ᠭᠠᠷᠤᠶ ᠰᠠᠭᠤᠷᠢ ᠲᠥᠮᠥᠰᠥ ᠶᠢᠨ ᠰᠠᠭᠤᠷᠢ ᠳᠠᠷᠢᠵᠤ᠂ ᠡᠳᠡᠭᠡᠷ ᠲᠥᠮᠥᠰᠥ ᠶᠢᠨ ᠦᠷ᠎ᠡ ᠨᠢ ᠬᠤᠪᠢᠯᠭᠠᠨ ᠣᠩᠭᠤᠴᠠ ᠠᠷᠪᠠᠨ ᠳᠥᠷᠪᠡᠳᠦᠭᠡᠷ ᠪᠣᠯᠤᠨ ᠬᠤᠪᠢᠯᠭᠠᠨ ᠣᠩᠭᠤᠴᠠ ᠠᠷᠪᠠᠨ ᠵᠢᠷᠭᠤᠳᠤᠭᠠᠷ ᠨᠢᠰᠬᠦ ᠣᠩᠭᠤᠴᠠ ᠳᠤ ᠰᠠᠭᠤᠵᠤ ᠤᠯᠠᠨ ᠡᠳᠦᠷ ᠰᠠᠨᠰᠠᠷ ᠢᠶᠠᠷ ᠨᠢᠰᠴᠦ ᠥᠩᠭᠡᠷᠡᠵᠡᠶ᠃    2022 ᠣᠨ ᠠᠴᠠ ᠨᠠᠰᠢ᠂ 8.6 ᠲᠦᠮᠡᠨ ᠮᠥᠬᠦᠯᠢᠭ ᠥᠪᠥᠷ ᠮᠣᠩᠭᠤᠯ ᠤᠨ ᠲᠥᠮᠥᠰᠥᠨ ᠤ ᠦᠷ᠎ᠡ ᠨᠢ ᠬᠤᠪᠢᠯᠭᠠᠨ ᠣᠩᠭᠤᠴᠠᠨ ᠳᠤ ᠰᠠᠭᠤᠵᠤ ᠰᠠᠨᠰᠠᠷ ᠤᠨ ᠠᠶᠠᠯᠠᠯ ᠢᠶᠠᠨ ᠡᠬᠢᠯᠡᠭᠦᠯᠪᠡ᠂ ᠡᠭᠦᠨ ᠳᠤ 1.5 ᠲᠦᠮᠡᠨ ᠮᠥᠬᠦᠯᠢᠭ ᠰᠠᠨᠰᠠᠷ ᠤᠨ ᠲᠥᠮᠥᠰᠥ ᠶᠢ ᠶᠠᠭ ᠤᠯᠠᠭᠠᠨᠴᠠᠪ ᠬᠤᠲᠠ ᠶᠢᠨ ᠱᠠᠩᠳᠤ ᠰᠢᠶᠠᠨ ᠳᠤ ᠲᠤᠷᠰᠢᠨ ᠲᠠᠷᠢᠵᠤ ᠪᠠᠶᠢᠨ᠎ᠠ᠃    ᠣᠳᠣᠬᠠᠨ ᠳᠤ ᠬᠤᠪᠢᠯᠭᠠᠨ ᠣᠩᠭᠤᠴᠠ ᠠᠷᠪᠠᠨ ᠳᠥᠷᠪᠡᠳᠦᠭᠡᠷ ᠨᠣᠮᠧᠷᠲᠤ ᠲᠥᠮᠥᠰᠥ ᠶᠢᠨ ᠦᠷ᠎ᠡ ᠨᠢᠭᠡᠨᠲᠡ ᠪᠣᠳᠠᠲᠠᠢ ᠲᠥᠮᠥᠰᠥ ᠪᠤᠯᠵᠤ ᠤᠷᠭᠤᠵᠤ᠂ ᠬᠤᠪᠢᠯᠭᠠᠨ ᠣᠩᠭᠤᠴᠠ ᠠᠷᠪᠠᠨ ᠵᠢᠷᠭᠤᠳᠤᠭᠠᠷ ᠨᠣᠮᠧᠷᠲᠤ ᠲᠥᠮᠥᠰᠥ ᠶᠢᠨ ᠦᠷ᠎ᠡ 4 ᠰᠠᠷ᠎ᠠ ᠠᠴᠠ ᠡᠬᠢᠯᠡᠨ ᠲᠠᠷᠢᠬᠤ ᠲᠤᠷᠰᠢᠯᠲᠠ ᠶᠢᠨ ᠮᠠᠲ᠋ᠧᠷᠢᠶᠠᠯ ᠪᠤᠯᠵᠤ᠂ ᠣᠳᠣᠬᠠᠨ ᠳᠤ ᠶᠠᠭ ᠴᠡᠴᠡᠭ ᠤᠨ ᠬᠤᠭᠤᠴᠠᠭᠠᠨ ᠳᠤ ᠣᠷᠣᠵᠤ ᠪᠠᠶᠢᠨ᠎ᠠ᠃    ᠰᠠᠨᠰᠠᠷ ᠲᠤ ᠦᠷ᠎ᠡ ᠪᠤᠶᠢᠵᠢᠭᠰᠠᠨ ᠤ ᠳᠠᠷᠠᠭ᠎ᠠ᠂ ᠬᠡᠰᠡᠭ ᠲᠥᠮᠥᠰᠥ ᠶᠢᠨ ᠡᠷᠲᠡ ᠪᠣᠯᠪᠠᠰᠤᠷᠠᠭᠰᠠᠨ ᠡᠭᠦᠯᠳᠡᠷ᠂ ᠥᠨᠳᠥᠷ ᠤᠨᠠᠯᠲᠠ ᠲᠠᠢ ᠡᠭᠦᠯᠳᠡᠷ ᠪᠤᠶᠤ ᠡᠪᠡᠳᠴᠢᠨ ᠢ ᠡᠰᠡᠷᠭᠦᠴᠡᠬᠦ ᠡᠭᠦᠯᠳᠡᠷ ᠢᠯᠡᠷᠡᠨ᠎ᠠ᠃ ᠬᠤᠶᠢᠰᠢᠳᠠ ᠰᠠᠨᠰᠠᠷ ᠤᠨ ᠠᠶᠠᠯᠠᠯ ᠢᠶᠠᠷ ᠳᠠᠮᠵᠢᠨ ᠦᠷ᠎ᠡ ᠪᠤᠶᠢᠵᠢᠭᠤᠯᠵᠤ᠂ ᠴᠠᠭ ᠬᠤᠭᠤᠴᠠᠭ᠎ᠠ ᠶᠢ ᠪᠣᠭᠤᠨᠢᠰᠬᠠᠨ᠂ ᠡᠭᠦᠯᠳᠡᠷ ᠪᠤᠶᠢᠵᠢᠭᠤᠯᠬᠤ ᠠᠬᠢᠴᠠ ᠶᠢ ᠲᠦᠷᠭᠡᠳᠬᠡᠵᠦ᠂ ᠲᠥᠮᠥᠰᠥᠨ ᠤ ᠡᠭᠦᠯᠳᠡᠷ ᠢ ᠨᠡᠩ ᠰᠠᠶᠢᠨ ᠤᠯᠤᠰ ᠤᠨ ᠤᠨᠴᠠ ᠭᠠᠷᠤᠯᠳᠠ ᠪᠤᠯᠭᠠᠨ᠎ᠠ᠃                            ᠤᠷᠴᠢᠭᠤᠯᠤᠭᠴᠢ᠄ ᠬᠦᠰᠡᠯ                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2