ᠤᠯᠠᠭᠠᠨᠴᠠᠪ ᠬᠤᠲᠠ ᠶᠢᠨ ᠲᠤᠰ ᠱᠠᠲᠣᠨ ᠤ ᠰᠠᠯᠠᠭ᠎ᠠ ᠮᠦᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠦᠯᠡᠳᠡᠭᠡᠬᠦ ᠭᠠᠷᠴᠠᠭ ︵2024 ᠣᠨ ᠤ ᠬᠡᠪᠯᠡᠯ︶ ᠪᠣᠯᠤᠨ ᠤᠯᠠᠭᠠᠨᠴᠠᠪ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠦᠴᠦᠨ ᠥᠬᠡᠶ ᠪᠣᠯᠭᠠᠬᠤ ᠪᠠ ᠳᠣᠷᠣᠭᠰᠢ ᠪᠠᠭᠤᠯᠭᠠᠬᠤ ᠭᠠᠷᠴᠠᠭ ᠢ ᠨᠡᠶᠢᠲᠡᠯᠡᠬᠦ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/6/26
ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠶᠢ ᠴᠢᠨᠠᠭᠰᠢᠳᠠ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠮᠠᠨ ᠤ ᠬᠤᠲᠠ ᠶᠢᠨ ︽ᠬᠤᠶᠠᠷ ᠰᠢᠯᠢᠳᠡᠭ︾ ᠲᠤᠰᠬᠠᠢ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠶᠢᠯᠪᠤᠷᠢᠯᠠᠯᠲᠠ ᠪᠠ ︽ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵2023 ᠣᠨ ᠤ ᠬᠡᠪᠯᠡᠯ︶ ᠵᠢᠴᠢ ᠬᠦᠴᠦᠨ ᠦᠭᠡᠢ ᠪᠣᠯᠭᠠᠬᠤ ᠪᠠ ᠳᠣᠷᠣᠭᠰᠢ ᠪᠠᠭᠤᠯᠭᠠᠬᠤ ᠭᠠᠷᠴᠠᠭ ᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2023﹈ 19 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠯᠠᠭᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ 11 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠳᠠᠮᠵᠢᠭᠤᠯᠤᠨ 3098 ᠵᠦᠢᠯ ᠤᠨ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠲᠣᠬᠢᠷᠠᠭᠤᠯᠤᠨ ᠦᠯᠡᠳᠡᠭᠡᠬᠦ ᠪᠠᠷ ᠲᠣᠭᠲᠠᠭᠠᠵᠤ᠂ 94 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠬᠦᠴᠦᠨ ᠦᠭᠡᠢ ᠪᠣᠯᠭᠠᠵᠤ᠂ 371 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠳᠣᠷᠣᠭᠰᠢ ᠪᠠᠭᠤᠯᠭᠠᠬᠤ ᠪᠠᠷ ᠲᠣᠭᠲᠠᠪᠠ᠃ ᠡᠳᠦᠭᠡ ︽ᠤᠯᠠᠭᠠᠨᠴᠠᠪ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠦᠯᠡᠳᠡᠭᠡᠬᠦ ᠭᠠᠷᠴᠠᠭ ︵2024 ᠣᠨ ᠤ ᠬᠡᠪᠯᠡᠯ︶︾ ᠪᠠ ︽ᠤᠯᠠᠭᠠᠨᠴᠠᠪ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠦᠴᠦᠨ ᠥᠬᠡᠶ ᠪᠣᠯᠭᠠᠬᠤ ᠪᠠ ᠳᠣᠷᠣᠭᠰᠢ ᠪᠠᠭᠤᠯᠭᠠᠬᠤ ᠭᠠᠷᠴᠠᠭ︾ ᠢ ᠨᠡᠶᠢᠲᠡᠯᠡᠬᠦ ᠶᠢᠨ ᠬᠠᠮᠲᠤ ᠳᠣᠤᠷᠠᠬᠢ ᠮᠡᠲᠦ ᠠᠵᠢᠯ ᠤᠨ ᠱᠠᠭᠠᠷᠳᠠᠯᠭ᠎ᠠ ᠳᠤᠷᠠᠳᠪᠠ᠂ ᠬᠠᠮᠲᠤ ᠳᠤᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃    ᠨᠢᠭᠡ᠂ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ    ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠡᠷᠬᠡᠪᠰᠢ ᠭᠦᠢᠴᠡᠳᠬᠡᠵᠦ᠂ ᠬᠠᠤᠯᠢ ᠶᠣᠰᠣᠭᠠᠷ ᠲᠣᠭᠲᠠᠭᠠᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠪᠦᠬᠦᠨ ᠢ ᠨᠠᠷᠢᠨ ᠲᠠᠩᠰᠠ ᠶᠢᠨ ᠬᠠᠮᠢᠶᠠᠷᠤᠯᠲᠠ ᠳᠤ ᠣᠷᠣᠭᠤᠯᠵᠤ᠂ ᠨᠠᠷᠢᠨ ᠬᠠᠭᠤᠳᠠᠰᠤ ᠠᠴᠠ ᠪᠤᠰᠤᠳ ᠵᠠᠰᠠᠭ ᠵᠠᠬᠢᠷᠭᠠᠨ ᠤ ᠡᠷᠬᠡ ᠶᠢ ᠴᠥᠮ ᠬᠠᠤᠯᠢ ᠶᠢ ᠵᠥᠷᠢᠴᠡᠨ ᠬᠡᠷᠡᠭᠵᠢᠭᠦᠯᠵᠦ ᠪᠣᠯᠬᠤ ᠦᠭᠡᠢ᠃ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠨᠠᠷᠢᠨ ᠬᠠᠭᠤᠳᠠᠰᠤ ᠶᠢ ᠴᠢᠩᠭ᠎ᠠ ᠵᠢᠷᠤᠮᠯᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠢᠵᠢ ᠪᠦᠷᠢᠳᠦᠭᠦᠯᠦᠨ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠣᠯᠠᠨ ᠨᠡᠶᠢᠲᠡ ᠶᠢᠨ ᠦᠢᠯᠡᠴᠢᠯᠡᠭᠡ ᠪᠠ ᠬᠢᠨᠠᠯᠲᠠ ᠬᠠᠮᠢᠶᠠᠷᠤᠯᠲᠠ ᠶᠢᠨ ᠠᠵᠢᠯ ᠳᠤ ᠬᠥᠳᠡᠯᠦᠩᠭᠦᠢ ᠪᠠᠷ ᠨᠠᠶᠢᠳᠠᠪᠤᠷᠢᠵᠢᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ᠲᠣᠰ ᠤᠳᠠᠭᠠᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠲᠣᠬᠢᠷᠠᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠬᠥᠳᠡᠯᠦᠩᠭᠦᠶ ᠪᠠᠷ ᠳᠣᠭᠢᠷᠠᠭᠤᠯᠬᠤ ᠵᠠᠷᠴᠢᠮ ᠪᠠ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠲᠣᠰ ᠭᠠᠵᠠᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠲᠣᠬᠢᠷᠠᠭᠤᠯᠤᠯᠲᠠ ᠵᠢᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠠᠷᠢᠮᠵᠢᠶᠠᠵᠢᠭᠤᠯᠬᠤ ᠠᠵᠢᠯ ᠢ ᠱᠠᠯᠠᠪᠳᠠᠨ ᠦᠷᠨᠢᠭᠦᠯᠦᠨ᠎ᠡ᠃     ᠬᠤᠶᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠦᠨ᠎ᠡ     ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠡᠶᠢᠲᠡᠯᠡᠨ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠶᠡᠭᠡ ᠪᠠᠷ ᠠᠬᠢᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠪᠠ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠦᠯᠡᠳᠡᠭᠡᠬᠦ ᠪᠠ ᠳᠣᠷᠣᠭᠰᠢ ᠪᠠᠭᠤᠯᠭᠠᠬᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠴᠠᠭ ᠲᠤᠬᠠᠶ ᠳᠤᠨᠢ ᠰᠦᠯᠵᠢᠶᠡᠨ ᠳᠡᠭᠡᠷ᠎ᠡ ᠨᠡᠶᠢᠲᠡᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠡᠷᠡᠭᠵᠢᠭᠦᠯᠬᠦ ᠨᠠᠷᠢᠨ ᠬᠠᠭᠤᠳᠠᠰᠤ ᠶᠢ ᠴᠢᠩᠭ᠎ᠠ ᠵᠢᠷᠤᠮᠯᠠᠨ ᠠᠵᠢᠯ ᠶᠠᠪᠤᠳᠠᠯ ᠭᠦᠢᠴᠡᠳᠭᠡᠬᠦ ᠦᠢᠯᠡᠴᠢᠯᠡᠭᠡ ᠬᠠᠩᠭᠠᠵᠤ᠂ ᠰᠢᠢᠳᠪᠦᠷᠢᠯᠡᠬᠦ ᠭᠤᠭᠴᠤᠭ᠎ᠠ ᠪᠠ ᠭᠤᠶᠤᠴᠢᠯᠠᠬᠤ ᠮᠠᠲ᠋ᠧᠷᠢᠶᠠᠯ ᠢ ᠢᠯᠡᠭᠦᠴᠡ ᠨᠡᠮᠡᠭᠳᠡᠭᠦᠯᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠨᠡᠮᠡᠭᠳᠡᠭᠦᠯᠵᠦ ᠪᠣᠯᠬᠤ ᠥᠬᠡᠶ᠃ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠪᠠ ᠬᠢᠨᠠᠯᠲᠠ ᠬᠠᠮᠢᠶᠠᠷᠤᠯᠲᠠ ᠶᠢᠨ ᠵᠦᠢᠯᠡᠰ ᠯᠦᠭᠡ ᠬᠠᠷᠢᠯᠴᠠᠨ ᠵᠣᠯᠭᠠᠭᠤᠯᠤᠨ ᠵᠣᠬᠢᠴᠠᠭᠤᠯᠵᠤ᠂ ︽ᠪᠥᠬᠦ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ︾ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ ᠨᠠᠶᠢᠷᠠᠭᠤᠯᠤᠨ ᠵᠣᠬᠢᠶᠠᠵᠤ ᠨᠡᠶᠢᠲᠡᠯᠡᠬᠦ ᠠᠵᠢᠯ ᠢ ᠪᠡᠶᠡᠯᠡᠭᠦᠯᠵᠦ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠲᠠᠪᠴᠠᠩ ᠳᠤ ᠬᠢᠨᠠᠯᠲᠠ ᠬᠠᠮᠢᠶᠠᠷᠤᠯᠲᠠ ᠶᠢᠨ ᠵᠦᠢᠯᠡᠰ ᠢ ᠮᠡᠳᠡᠷᠡᠬᠦ ᠪᠠ ᠪᠠᠶᠢᠴᠠᠭᠠᠬᠤ ᠵᠦᠢᠯᠡᠰ ᠢ ᠬᠡᠷᠡᠭᠵᠢᠭᠦᠯᠬᠦ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠦᠨ᠎ᠡ᠃ ᠡᠭᠦᠨ ᠤ ᠬᠠᠮᠲᠤ ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠡᠶᠢᠲᠡᠯᠡᠵᠦ ᠠᠵᠢᠯᠯᠠᠭᠤᠯᠬᠤ ᠪᠠᠷ ᠰᠠᠭᠤᠷᠢ ᠪᠣᠯᠭᠠᠵᠤ᠂ ᠬᠢᠨᠠᠨ ᠵᠥᠪᠰᠢᠶᠡᠷᠡᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ   ᠶᠠᠪᠤᠴᠠ ᠶᠢ ᠳᠥᠭᠦᠮᠴᠢᠯᠡᠵᠦ᠂ ᠠᠵᠢᠯ ᠶᠠᠪᠤᠳᠠᠯ ᠭᠦᠢᠴᠡᠳᠭᠡᠬᠦ ᠭᠤᠭᠴᠤᠭ᠎ᠠ᠂ ᠭᠤᠶᠤᠴᠢᠯᠠᠬᠤ ᠮᠠᠲ᠋ᠧᠷᠢᠶᠠᠯ ᠪᠠ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠠᠭᠠᠰᠬᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶ᠎ᠡ ᠪᠠᠷ ᠭᠦᠢᠴᠡᠳᠭᠡᠬᠦ ᠶᠢ ᠠᠬᠢᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠦᠢᠯᠡᠳᠦᠯ ᠴᠢᠳᠠᠪᠤᠷᠢ ᠪᠠ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃     ᠭᠤᠷᠪᠠ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠶᠢ ᠦᠷᠭᠦᠯᠵᠢᠯᠡᠨ ᠬᠡᠷᠡᠭᠵᠢᠭᠦᠯᠦᠨ᠎ᠡ     ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠥᠳᠡᠯᠦᠩᠭᠦᠶ ᠪᠠᠷ ᠲᠣᠬᠢᠷᠠᠭᠤᠯᠬᠤ ᠪᠠᠷ ᠠᠷᠭ᠎ᠠ ᠪᠠᠷᠢᠯ ᠪᠣᠯᠭᠠᠵᠤ᠂ ᠡᠷᠬᠡ ᠶᠢ ᠳᠣᠷᠣᠭᠰᠢ ᠪᠠᠭᠤᠯᠭᠠᠵᠤ ᠴᠢᠳᠠᠪᠬᠢ ᠣᠯᠭᠤᠬᠤ ᠪᠠ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠪᠦᠲᠦᠮᠵᠢᠲᠡᠶ ᠵᠠᠬ᠎ᠠ ᠳᠡᠯᠭᠡᠭᠦᠷ ᠪᠠ ᠴᠢᠷᠮᠠᠶᠢᠯᠭ᠎ᠠ ᠲᠠᠢ ᠵᠠᠰᠠᠭ ᠤᠨ ᠣᠷᠳᠣᠨ ᠢ ᠨᠠᠩ ᠰᠠᠶᠢᠨ ᠤᠶᠠᠯᠳᠤᠭᠤᠯᠬᠤ ᠶᠢ ᠠᠬᠢᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠪᠣᠯᠤᠨ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠬᠦᠴᠦᠨ ᠥᠬᠡᠶ ᠪᠣᠯᠭᠠᠬᠤ ᠪᠠ ᠳᠣᠷᠣᠭᠰᠢ ᠪᠠᠭᠤᠯᠭᠠᠬᠤ ︵ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ︶ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠰᠢᠯᠵᠢᠭᠦᠯᠦᠨ ᠲᠤᠰᠢᠶᠠᠵᠤ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠡᠷᠬᠡ ᠪᠠᠨ ᠲᠠᠯᠪᠢᠵᠤ ᠳᠡᠶᠢᠯᠬᠦ᠂ ᠭᠥᠯᠢᠶᠡᠨ ᠠᠪᠴᠤ ᠳᠡᠶᠢᠯᠬᠦ᠂ ᠰᠠᠶᠢᠲᠤᠷ ᠬᠠᠮᠢᠶᠠᠷᠬᠤ ᠶᠢ ᠦᠨᠡᠨᠬᠦ ᠪᠠᠲᠤᠯᠠᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ ᠵᠡᠷᠭᠡ ᠲᠣᠳᠣᠷᠬᠠᠶ ᠬᠦᠴᠦᠨ ᠥᠬᠡᠶ ᠪᠣᠯᠭᠠᠬᠤ ᠵᠦᠢᠯᠡᠰ ᠢ ᠴᠥᠮ ᠬᠡᠷᠡᠭᠵᠢᠭᠦᠯᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠡᠷᠡᠭᠵᠢᠭᠦᠯᠵᠦ ᠪᠣᠯᠬᠤ ᠥᠬᠡᠶ︔ ᠬᠢᠨᠠᠨ ᠵᠥᠪᠰᠢᠶᠡᠷᠡᠬᠦ ᠶᠢ ᠨᠢᠭᠡᠨᠲᠡ ᠬᠦᠴᠦᠨ ᠥᠬᠡᠶ ᠪᠣᠯᠭᠠᠭᠰᠠᠨ ᠪᠣᠯᠪᠠᠴᠤ ᠮᠥᠨ ᠬᠦ ᠬᠢᠨᠠᠨ ᠬᠠᠮᠢᠶᠠᠷᠬᠤ ᠴᠢᠬᠤᠯᠠᠲᠠᠶ ᠵᠦᠢᠯᠡᠰ ᠢ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ︹2019︺18 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶᠠᠷᠤᠯᠲᠠ ᠬᠤᠭᠤᠰᠣᠨ ᠪᠣᠯᠬᠤ ᠠᠴᠠ ᠵᠠᠶᠢᠯᠠᠰᠬᠢᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ ︵ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ ᠪᠠᠭᠲᠠᠨ᠎ᠠ︶ ᠶᠢ ᠵᠦᠢᠯ ᠳᠠᠷᠠᠭᠠᠯᠠᠨ ᠲᠣᠳᠣᠷᠬᠠᠶᠢᠯᠠᠵᠤ᠂ ᠬᠤᠲᠠ ᠶᠢᠨ ᠰᠢᠭᠤᠳ ᠬᠠᠷᠢᠶ᠎ᠠ ᠳᠣᠷᠣᠭᠰᠢ ᠪᠠᠭᠤᠯᠭᠠᠬᠤ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠵᠢᠯᠣᠭᠤᠳᠤᠨ ᠰᠢᠯᠢᠳᠡᠭᠵᠢᠭᠦᠯᠦᠨ᠎ᠡ᠃    ᠳᠠᠭᠠᠯᠳᠤᠭᠤᠯᠤᠯ᠄ 1. ︽ᠤᠯᠠᠭᠠᠨᠴᠠᠪ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠦᠯᠡᠳᠡᠭᠡᠬᠦ ᠭᠠᠷᠴᠠᠭ ︵2024 ᠣᠨ ᠤ ᠬᠡᠪᠯᠡᠯ︶︾    2. ︽ᠤᠯᠠᠭᠠᠨᠴᠠᠪ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠦᠴᠦᠨ ᠥᠬᠡᠶ ᠪᠣᠯᠭᠠᠬᠤ ᠪᠠ ᠳᠣᠷᠣᠭᠰᠢ ᠪᠠᠭᠤᠯᠭᠠᠬᠤ ᠭᠠᠷᠴᠠᠭ︾                                             2024 ᠣᠨ ᠤ 5 ᠰᠠᠷ᠎ᠠ ᠶᠢᠨ 20 ᠤ ᠡᠳᠦᠷ                                             ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶    ᠲᠠᠶᠢᠯᠪᠤᠷᠢ᠄ ᠳᠠᠭᠠᠯᠳᠤᠭᠤᠯᠤᠯ ᠬᠡᠲᠦ ᠶᠡᠭᠡ ᠪᠣᠯᠬᠤᠷ ᠲᠣᠰ ᠰᠦᠯᠵᠢᠶᠡᠨ ᠳᠤ ᠳᠠᠮᠵᠢᠭᠤᠯᠬᠤ ᠶᠢᠨ ᠠᠷᠭ᠎ᠠ ᠥᠬᠡᠶ᠂ ᠬᠡᠷᠪᠡ ᠦᠵᠡᠬᠦ ᠱᠠᠭᠠᠷᠳᠠᠯᠭ᠎ᠠ ᠲᠠᠢ ᠪᠣᠯ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠠᠰᠠᠭᠤᠨ ᠯᠠᠪᠯᠠᠭᠠᠷᠠᠢ᠂ ᠬᠠᠷᠢᠯᠴᠠᠬᠤ ᠤᠲᠠᠰᠤ᠄ 0474 - 8382135
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2