ᠤᠯᠠᠭᠠᠨᠴᠠᠪ ᠤᠨ 150 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠨᠢᠭᠡᠨᠲᠡ 61.322 ᠲᠦᠮᠡᠨ ᠺᠢᠯᠣᠸᠠᠲ ᠲᠣᠤᠷ ᠲᠤ ᠨᠡᠶᠢᠯᠡᠭᠦᠯᠵᠤ ᠴᠠᠬᠢᠯᠭᠠᠨ ᠭᠠᠷᠭᠠᠪᠠ
ᠨᠡᠶᠢᠲᠡᠯᠡᠭᠰᠡᠨ ᠴᠠᠭ᠄
2024/6/26
       ᠯᠢᠶᠠᠩᠴᠧᠩ ᠰᠢᠶᠠᠨ ᠤ ᠪᠠᠶᠢᠭᠤᠯᠵᠤ ᠪᠠᠶᠢᠭ᠎ᠠ ︽ᠤᠯᠠᠭᠠᠨᠴᠠᠪ ᠤᠨ 150 ᠲᠦᠮᠡᠨ ᠺᠢᠯᠣᠸᠠᠲ ᠤᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ︾ ᠤᠨ ᠶᠡᠷᠦᠩᠬᠡᠶ ᠪᠠᠯᠠ ᠣᠷᠣᠭᠤᠯᠤᠯᠲᠠ ᠨᠢ 49.75 ᠳ᠋ᠦᠩᠰᠢᠭᠤᠷ ᠲᠥᠭᠦᠷᠢᠭ ᠪᠠᠶᠢᠵᠤ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ 225 ᠤᠭᠰᠠᠷᠠᠵᠤ᠂ ᠲᠠᠯᠠᠪᠠᠶ ᠶᠢᠨ ᠲᠣᠭᠤᠷᠢᠭ ᠲᠤ 220 ᠺᠢᠯᠣᠸᠠᠲ ᠤᠨ ᠬᠦᠴᠦᠳᠡᠯ ᠳᠡᠭᠡᠭᠰᠢᠯᠡᠭᠦᠯᠬᠦ ᠥᠷᠲᠡᠭᠡ ᠶᠢ 3 ᠢᠵᠢ ᠪᠦᠷᠢᠳᠦᠭᠦᠯᠦᠨ ᠪᠥᠲᠥᠭᠡᠨ ᠪᠠᠶᠢᠭᠤᠯᠤᠨ᠎ᠠ᠃ ᠲᠦᠷᠦᠯ ᠵᠦᠢᠯ ᠤᠨ ᠴᠠᠬᠢᠯᠭᠠᠨ ᠭᠠᠷᠭᠠᠬᠤ ︽ᠳᠠᠭ᠎ᠠ ᠶᠢᠨ ᠨᠠᠭᠤᠷ - ᠸᠠᠨ ᠴᠢᠤᠸᠠᠨ - ᠱᠦᠨ ᠢ︾ 500 kV ᠴᠠᠬᠢᠯᠭᠠᠨ ᠬᠦᠷᠭᠡᠬᠦ ᠱᠤᠭᠤᠮ ᠢ ᠳᠠᠮᠵᠢᠨ ᠪᠡᠭᠡᠵᠢᠩ ᠲᠢᠶᠠᠨᠵᠢᠨ ᠾᠧᠪᠸᠢ ᠣᠷᠣᠨ ᠳᠤ ᠬᠦᠷᠭᠡᠨ᠎ᠡ᠃    ᠲᠥᠷᠥᠯ ᠵᠦᠢᠯ ᠢ 2024 ᠣᠨ ᠤ 10 ᠰᠠᠷ᠎ᠠ ᠶᠢᠨ ᠰᠡᠭᠦᠯᠴᠢ ᠠᠴᠠ ᠡᠮᠦᠨ᠎ᠡ 150 ᠲᠦᠮᠡᠨ ᠺᠢᠯᠣᠸᠠᠲ ᠤᠨ ᠪᠦᠬᠦᠨ ᠢ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠪᠠᠷ ᠲᠥᠯᠥᠪᠯᠡᠵᠦ ᠪᠣᠶ︔ ᠣᠲᠣ ᠪᠣᠯᠲᠠᠯ᠎ᠠ᠂ 225 ᠰᠠᠭᠤᠷᠢ ᠰᠠᠯᠬᠢᠨ ᠬᠦᠴᠦᠨ ᠤ ᠮᠠᠰᠢᠨ ᠤ ᠰᠠᠭᠤᠷᠢ ᠶᠢ ᠨᠢᠭᠡᠨᠲᠡ 217 ᠰᠠᠭᠤᠷᠢ ᠮᠠᠯᠲᠠᠵᠤ᠂ 213 ᠰᠠᠭᠤᠷᠢ ᠶᠢ ᠤᠰᠤᠯᠠᠵᠤ᠂ ᠪᠠᠷᠢᠯᠭ᠎ᠠ ᠶᠢᠨ ᠠᠵᠢᠯ ᠤᠨ ᠠᠬᠢᠴᠠ 94.6% ᠶᠢ ᠪᠡᠶᠡᠯᠡᠭᠦᠯᠪᠡ︔ ᠰᠠᠯᠬᠢᠨ ᠬᠦᠴᠦᠨ ᠤ ᠮᠠᠰᠢᠨ ᠤ ᠳᠡᠭᠦᠵᠢᠯᠡᠨ ᠤᠭᠰᠠᠷᠠᠭᠰᠠᠨ ᠨᠢ ᠨᠢᠭᠡᠨᠲᠡ 186 ᠰᠠᠭᠤᠷᠢ᠂ ᠳᠡᠭᠦᠵᠢᠯᠡᠨ ᠤᠭᠰᠠᠷᠠᠭᠰᠠᠨ ᠠᠬᠢᠴᠠ 82.7% ᠶᠢ ᠪᠡᠶᠡᠯᠡᠭᠦᠯᠪᠡ︔ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠭᠰᠠᠨ 3 ᠰᠠᠭᠤᠷᠢ 220 ᠺᠢᠯᠣᠸᠠᠲ ᠤᠨ ᠬᠦᠴᠦᠳᠡᠯ ᠳᠡᠭᠡᠭᠰᠢᠯᠡᠭᠦᠯᠬᠦ ᠥᠷᠲᠡᠭᠡ ᠶᠢ ᠨᠢᠬᠡᠨᠳᠡ ᠪᠦᠬᠦᠨ ᠢ ᠠᠰᠢᠭᠯᠠᠯᠲᠠ ᠳᠤ ᠣᠷᠣᠭᠤᠯᠪᠠ︔ ᠨᠢᠬᠡᠨᠳᠡ ᠲᠣᠤᠷ ᠲᠤ ᠨᠡᠶᠢᠯᠡᠭᠦᠯᠵᠤ ᠴᠠᠬᠢᠯᠭᠠᠨ ᠭᠠᠷᠭᠠᠭᠰᠠᠨ ᠨᠢ 92 ᠴᠠᠬᠢᠯᠭᠠᠨ ᠭᠠᠷᠭᠠᠬᠤ ᠮᠠᠰᠢᠨ᠂᠂ᠴᠠᠬᠢᠯᠭᠠᠨ ᠭᠠᠷᠭᠠᠬᠤ ᠴᠢᠳᠠᠮᠵᠢ ᠨᠢ 61.322 ᠲᠦᠮᠡᠨ ᠺᠢᠯᠣᠸᠠᠲ︔ ᠶᠠᠭ ᠲᠣᠤᠷ ᠲᠤ ᠨᠡᠶᠢᠯᠡᠭᠦᠯᠦᠭᠰᠡᠨ ᠰᠠᠯᠬᠢᠨ ᠬᠦᠴᠦᠨ ᠤ ᠮᠠᠰᠢᠨ 8 ᠪᠠᠶᠢᠵᠤ᠂ ᠵᠢᠱᠢᠯᠲᠡ ᠪᠠᠷ 6 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠲᠤᠬᠠᠶ ᠶᠢᠨ ᠦᠶ᠎ᠡ ᠳᠤ ᠴᠠᠬᠢᠯᠭᠠᠨ ᠭᠠᠷᠭᠠᠬᠤ ᠴᠢᠳᠠᠮᠵᠢ ᠨᠢ 66.65 ᠲᠦᠮᠡᠨ ᠺᠢᠯᠣᠸᠠᠲ ᠲᠤ ᠬᠦᠷᠴᠡᠶ᠃    ᠲᠣᠰ ᠲᠥᠷᠥᠯ ᠵᠦᠢᠯ ᠨᠢ 2023 ᠣᠨ ᠳᠤ 24 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 2024 ᠣᠨ ᠳᠤ 25.75 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ ︵1 - 5 ᠰᠠᠷ᠎ᠠ ᠳᠤ ᠨᠢᠭᠡᠨᠲᠡ 14.78 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ︶᠃                              ᠤᠷᠴᠢᠭᠤᠯᠤᠭᠴᠢ᠄ ᠬᠦᠰᠡᠯ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2