ᠴᠢ ᠹᠸᠢ ᠶᠦᠨ ᠳᠥᠷᠪᠡᠳ ᠬᠤᠰᠢᠭᠤᠨ ᠳᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/27
   6 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠳᠥᠷᠪᠡᠳ ᠬᠤᠰᠢᠭᠤᠨ ᠳᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠃    ᠬᠤᠩᠭᠤᠷ ᠰᠤᠮᠤ᠂ ᠨᠣᠮᠣᠭᠠᠨ ᠰᠤᠮᠤ ᠳᠤ᠂ ᠴᠢ ᠹᠸᠢ ᠶᠦᠨ ᠨᠤᠲᠤᠭ ᠪᠡᠯᠴᠢᠭᠡᠷ ᠤᠨ ᠭᠠᠩ ᠤᠨ ᠪᠠᠶᠢᠳᠠᠯ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠭᠠᠩ ᠤᠨ ᠪᠠᠶᠢᠳᠠᠯ ᠤᠨ ᠨᠥᠯᠥᠭᠡ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠮᠠᠯᠴᠢᠨ ᠲᠠᠷᠢᠶᠠᠴᠢᠨ ᠢ ᠦᠨᠡᠨ ᠬᠦ ᠬᠠᠪᠰᠤᠷᠤᠨ ᠬᠦᠴᠢᠷ ᠢ ᠲᠤᠭᠤᠯᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠭᠠᠩ ᠬᠠᠭᠰᠠᠷᠠᠭᠠᠨ ᠲᠠᠢ ᠲᠡᠮᠡᠴᠡᠬᠦ ᠪᠠ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠶᠢ ᠣᠷᠭᠠᠨᠢᠭ ᠢᠶᠠᠷ ᠤᠶᠠᠯᠳᠤᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠲᠦᠷᠦᠯ ᠵᠦᠢᠯ ᠪᠣᠯᠤᠨ ᠨᠢᠭᠲᠠᠴᠠ ᠶᠢ ᠵᠣᠬᠢᠰᠲᠠᠢ ᠲᠤᠬᠢᠷᠠᠭᠤᠯᠵᠤ᠂ ᠭᠠᠩ ᠬᠠᠭᠰᠠᠷᠠᠭᠠᠨ ᠳᠤ ᠲᠡᠰᠪᠦᠷᠢᠲᠡᠢ ᠡᠯᠡᠰᠦ ᠶᠢ ᠰᠡᠷᠭᠡᠶᠢᠯᠡᠬᠦ ᠲᠠᠷᠢᠮᠠᠯ ᠢ ᠰᠢᠨᠵᠢᠯᠡᠬᠦ ᠤᠬᠠᠭᠠᠨᠴᠢ ᠪᠠᠷ ᠰᠣᠩᠭᠤᠨ ᠪᠤᠶᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠩᠭᠤᠷ ᠤᠰᠤᠨ ᠴᠥᠭᠦᠷᠥᠮ ᠳᠤ᠂ ᠴᠢ ᠹᠸᠢ ᠶᠦᠨ ᠲᠥᠷᠥᠯ ᠵᠦᠢᠯ ᠤᠨ ᠬᠥᠮᠥᠷᠭᠡ ᠶᠢᠨ ᠪᠠᠭᠲᠠᠭᠠᠮᠵᠢ᠂ ᠪᠠᠷᠢᠯᠭ᠎ᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠠᠷᠠᠯᠲᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠪᠦᠳᠦᠭᠡᠨ ᠪᠠᠶᠢᠭᠤᠯᠤᠯᠲᠠ ᠶᠢᠨ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠪᠠᠷᠢᠯᠭ᠎ᠠ ᠶᠢᠨ ᠠᠬᠢᠴᠠ ᠶᠢ ᠠᠮᠵᠢᠨ ᠠᠳᠬᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃ ᠴᠠᠭ ᠠᠭᠤᠷ ᠤᠨ ᠪᠠᠶᠢᠳᠠᠯ ᠢ ᠨᠢᠭᠲᠠ ᠠᠩᠬᠠᠷᠴᠤ᠂ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠦᠶᠡᠷ ᠤᠨ ᠪᠠᠶᠢᠳᠠᠯ ᠢ ᠬᠢᠨᠠᠨ ᠬᠡᠮᠵᠢᠬᠦ ᠶᠢ ᠤᠨᠢᠨ ᠳᠡᠭᠡᠷ᠎ᠡ ᠨᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠦᠶᠡᠷ ᠢ ᠰᠡᠷᠭᠡᠶᠢᠯᠡᠬᠦ ᠠᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃    ᠠᠮᠠᠨ ᠤᠰᠤ ᠬᠢᠯᠢ ᠶᠢᠨ ᠲᠣᠮᠢᠯᠠᠭᠰᠠᠨ ᠰᠠᠯᠪᠤᠷᠢ ᠳᠤ᠂ ᠴᠢ ᠹᠸᠢ ᠶᠦᠨ ᠨᠢᠭᠡᠳᠦᠭᠡᠷ ᠹᠷᠣᠨᠲ ᠤᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢ ᠪᠣᠯᠭᠤᠭᠠᠨ ᠲᠣᠬᠤᠨᠢᠭᠤᠯᠵᠤ᠂ ᠲᠡᠳᠡᠨ ᠤ ᠬᠢᠯᠢ ᠶᠢᠨ ᠲᠣᠭᠲᠠᠭᠤᠨ ᠢ ᠬᠠᠮᠠᠭᠠᠯᠠᠬᠤ᠂ ᠬᠢᠯᠢ ᠶᠢᠨ ᠠᠷᠠᠳ ᠲᠤ ᠦᠢᠯᠡᠴᠢᠯᠡᠬᠦ ᠳᠤᠮᠳᠠ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠶᠢ ᠭᠦᠢᠴᠡᠳ ᠨᠤᠲᠠᠯᠠᠵᠤ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠪᠠ᠃ ᠬᠠᠷᠢᠶ᠎ᠠ ᠣᠷᠣᠨ ᠤ ᠪᠠᠶᠢᠳᠠᠯ᠂ ᠴᠠᠭᠳᠠᠭᠠᠨ ᠤ ᠬᠦᠴᠦᠨ ᠤ ᠲᠣᠬᠢᠷᠠᠭᠤᠯᠤᠯᠲᠠ᠂ ᠠᠷᠠᠳ ᠤᠨ ᠴᠠᠭᠳᠠᠭ᠎ᠠ ᠶᠢᠨ ᠡᠳᠦᠷ ᠲᠤᠲᠤᠮ ᠤᠨ ᠠᠵᠢᠯ ᠠᠮᠢᠳᠤᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ᠂ ᠲᠡᠷᠡ᠂ ᠨᠢᠭᠡᠳᠦᠭᠡᠷ ᠹᠷᠣᠨᠲ ᠤᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢᠨ ᠠᠵᠢᠯ ᠪᠠ ᠠᠮᠢᠳᠤᠷᠠᠯ ᠤᠨ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠪᠠᠲᠤᠯᠠᠵᠤ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢᠨ ᠠᠵᠢᠯ ᠢ ᠪᠥᠬᠦ ᠰᠡᠳᠬᠢᠯ ᠢᠶᠠᠷ ᠢᠶᠠᠨ ᠰᠠᠶᠢᠲᠤᠷ ᠠᠮᠢᠳᠤᠷᠠᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠡᠨᠡ ᠬᠤᠭᠤᠴᠠᠭᠠᠨ ᠳᠤ᠂ ᠴᠢ ᠹᠸᠢ ᠶᠦᠨ ᠲᠤᠰᠬᠠᠶᠢᠯᠠᠨ ᠴᠠᠩ ᠧ ᠵᠢᠷᠭᠤᠳᠤᠭᠠᠷ ᠪᠤᠴᠠᠯᠲᠠ ᠶᠢᠨ ᠪᠠᠭᠠᠵᠢ ᠭᠠᠵᠠᠷ ᠲᠤ ᠪᠠᠭᠤᠬᠤ ᠴᠡᠭ ᠲᠤ ᠬᠦᠷᠴᠦ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠵᠦᠢᠯ ᠤᠨ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    ᠴᠢ ᠹᠸᠢ ᠶᠦᠨ ᠪᠠᠰᠠ ᠵᠠᠮ ᠳᠠᠭᠠᠤ ᠶᠢᠨ ᠵᠢᠭᠤᠯᠴᠢᠯᠠᠯ ᠤᠨ ᠵᠣᠷᠯᠣᠩ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃                                                         ᠣᠷᠴᠢᠭᠤᠯᠤᠭᠴᠢ᠄ ᠭᠤᠸ᠎ᠠ                                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2