ᠯᠢᠶᠠᠩᠴᠧᠩ ᠰᠢᠶᠠᠨ ᠤ ᠪᠠᠶᠢᠭᠤᠯᠵᠤ ᠪᠠᠶᠢᠭ᠎ᠠ ︽ᠤᠯᠠᠭᠠᠨᠴᠠᠪ ᠤᠨ 150 ᠲᠦᠮᠡᠨ ᠺᠢᠯᠣᠸᠠᠲ ᠤᠨ ᠲᠣᠮᠣ | ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠠᠭᠤᠷᠢᠨ ᠤ ᠲᠥᠷᠥᠯ ᠵᠦᠢᠯ︾ ᠤᠨ ᠶᠡᠷᠦᠩᠬᠡᠶ | ᠪᠠᠯᠠ ᠣᠷᠣᠭᠤᠯᠤᠯᠲᠠ ᠨᠢ 49.75 ᠳ᠋ᠦᠩᠰᠢᠭᠤᠷ ᠲᠥᠭᠦᠷᠢᠭ ᠪᠠᠶᠢᠵᠤ᠂ ᠰᠠᠯᠬᠢᠨ ᠬᠦᠴᠦᠨ ᠤ ᠴᠠᠬᠢᠯᠭᠠᠨ | ᠭᠠᠷᠭᠠᠬᠤ ᠮᠠᠰᠢᠨ ᠴᠣᠭᠴᠠᠯᠠᠪᠤᠷᠢ ᠶᠢ 225 ᠤᠭᠰᠠᠷᠠᠵᠤ᠂ 220 ᠺᠢᠯᠣᠸᠠᠲ ᠤᠨ ᠬᠦᠴᠦᠳᠡᠯ ᠳᠡᠭᠡᠭᠰᠢᠯᠡᠭᠦᠯᠬᠦ | ᠥᠷᠲᠡᠭᠡ ᠶᠢ 3 ᠢᠵᠢ ᠪᠦᠷᠢᠳᠦᠭᠦᠯᠦᠨ ᠪᠥᠲᠥᠭᠡᠨ ᠪᠠᠶᠢᠭᠤᠯᠬᠤ ᠪᠠᠷ ᠵᠢᠱᠢᠵᠤ ᠪᠠᠶᠢᠨ᠎ᠠ᠃ ᠲᠦᠷᠦᠯ ᠵᠦᠢᠯ ᠤᠨ | ᠭᠠᠷᠭᠠᠭᠰᠠᠨ ᠴᠠᠬᠢᠯᠭᠠᠨ ᠨᠢ ︽ᠳᠠᠭ᠎ᠠ ᠶᠢᠨ ᠨᠠᠭᠤᠷ - ᠸᠠᠨ ᠴᠢᠤᠸᠠᠨ - ᠱᠦᠨ ᠢ︾ ᠶᠢᠨ 500 kV ᠴᠠᠬᠢᠯᠭᠠᠨ | ᠬᠦᠷᠭᠡᠬᠦ ᠱᠤᠭᠤᠮ ᠢᠶᠠᠷ ᠪᠡᠭᠡᠵᠢᠩ ᠲᠢᠶᠠᠨᠵᠢᠨ ᠾᠧᠪᠸᠢ ᠣᠷᠣᠨ ᠳᠤ ᠬᠦᠷᠦᠨ᠎ᠡ᠃ | 2024 ᠣᠨ ᠤ 10 ᠰᠠᠷ᠎ᠠ ᠶᠢᠨ ᠰᠡᠭᠦᠯᠴᠢ ᠠᠴᠠ ᠡᠮᠦᠨ᠎ᠡ 150 ᠲᠦᠮᠡᠨ ᠺᠢᠯᠣᠸᠠᠲ ᠤᠨ ᠲᠥᠷᠥᠯ ᠵᠦᠢᠯ ᠢ | ᠪᠦᠬᠦᠨ ᠢ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠪᠠᠷ ᠲᠥᠯᠥᠪᠯᠡᠵᠦ ᠪᠣᠶ︔ ᠣᠲᠣ ᠪᠣᠯᠲᠠᠯ᠎ᠠ᠂ 225 | ᠰᠠᠯᠬᠢᠨ ᠬᠦᠴᠦᠨ ᠤ ᠮᠠᠰᠢᠨ ᠤ ᠰᠠᠭᠤᠷᠢ ᠶᠢᠨ 217 ᠶᠢ ᠮᠠᠯᠲᠠᠵᠤ᠂ 213 ᠶᠢ ᠤᠰᠤᠯᠠᠵᠤ᠂ ᠪᠠᠷᠢᠯᠭ᠎ᠠ ᠶᠢᠨ | ᠠᠵᠢᠯ ᠤᠨ 94.6% ᠶᠢ ᠪᠡᠶᠡᠯᠡᠭᠦᠯᠪᠡ︔ ᠨᠢᠭᠡᠨᠲᠡ 186 ᠰᠠᠭᠤᠷᠢ ᠰᠠᠯᠬᠢᠨ ᠬᠦᠴᠦᠨ ᠤ ᠮᠠᠰᠢᠨ ᠢ ᠳᠡᠭᠦᠵᠢᠯᠡᠨ | ᠤᠭᠰᠠᠷᠠᠵᠦ᠂ ᠳᠡᠭᠦᠵᠢᠯᠡᠨ ᠤᠭᠰᠠᠷᠠᠭᠰᠠᠨ ᠨᠤᠷᠮ᠎ᠠ 82.7% ᠳᠤ ᠬᠦᠷᠪᠡ︔ ᠢᠵᠢ ᠪᠦᠷᠢᠳᠦᠭᠦᠯᠦᠨ ᠪᠦᠲᠦᠭᠡᠨ | ᠪᠠᠶᠢᠭᠤᠯᠤᠭᠰᠠᠨ 220 ᠺᠢᠯᠣᠸᠠᠲ ᠤᠨ ᠴᠠᠬᠢᠯᠭᠠᠨ ᠭᠠᠷᠭᠠᠬᠤ 3 ᠰᠠᠭᠤᠷᠢ ᠮᠠᠰᠢᠨ ᠢ ᠪᠦᠬᠦᠨ ᠢ ᠠᠰᠢᠭᠯᠠᠯᠳᠠ ᠳᠤ | ᠤᠷᠤᠭᠤᠯᠪᠠ᠃ 92 ᠰᠠᠭᠤᠷᠢ ᠰᠠᠯᠬᠢᠨ ᠬᠦᠴᠦᠨ ᠤ ᠮᠠᠰᠢᠨ ᠢ ᠲᠣᠤᠷ ᠲᠤ ᠨᠡᠶᠢᠯᠡᠭᠦᠯᠵᠦ᠂ ᠴᠠᠬᠢᠯᠭᠠᠨ ᠭᠠᠷᠭᠠᠬᠤ | ᠬᠦᠴᠦᠳᠡᠯ ᠨᠢ 61.322 ᠲᠦᠮᠡᠨ ᠺᠢᠯᠣᠸᠠᠲ ᠲᠤ ᠬᠦᠷᠪᠡ᠃ ᠤᠳᠤᠬᠠᠨ ᠳᠤ 8 ᠰᠠᠭᠤᠷᠢ ᠰᠠᠯᠬᠢᠨ ᠬᠦᠴᠦᠨ ᠤ | ᠮᠠᠰᠢᠨ ᠢ ᠲᠣᠤᠷ ᠲᠤ ᠨᠡᠶᠢᠯᠡᠭᠦᠯᠵᠦ ᠪᠤᠢ᠂ ᠵᠢᠱᠢᠯᠲᠡ ᠪᠠᠷ 6 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ | ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠨ᠎ᠠ᠂ ᠲᠤᠬᠠᠶ ᠶᠢᠨ ᠦᠶ᠎ᠡ ᠳᠤ ᠴᠠᠬᠢᠯᠭᠠᠨ ᠭᠠᠷᠭᠠᠬᠤ ᠬᠦᠴᠦᠳᠡᠯ ᠨᠢ | 66.65 ᠲᠦᠮᠡᠨ ᠺᠢᠯᠣᠸᠠᠲ ᠲᠤ ᠬᠦᠷᠬᠦ ᠪᠤᠯᠤᠨ᠎ᠠ᠃ | ᠲᠣᠰ ᠲᠥᠷᠥᠯ ᠵᠦᠢᠯ ᠨᠢ 2023 ᠣᠨ ᠳᠤ 24 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠡᠶᠡᠯᠡᠭᠦᠯᠵᠦ᠂ 2024 ᠣᠨ ᠳᠤ 25.75 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ | ᠪᠣᠶ ︵1 - 5 ᠰᠠᠷ᠎ᠠ ᠳᠤ ᠨᠢᠭᠡᠨᠲᠡ 14.78 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠡᠶᠡᠯᠡᠭᠦᠯᠪᠡ︶᠃ | | | | |