ᠪᠥᠬᠦ ᠬᠤᠲᠠ ᠶᠢᠨ 2024 ᠣᠨ ᠤ ᠵᠢᠭᠠᠰᠤᠨ ᠠᠵᠤ ᠠᠬᠤᠶ ᠶᠢᠨ ᠠᠮᠤᠷ ᠲᠦᠪᠰᠢᠨ ᠵᠢᠴᠢ ᠴᠢᠨᠠᠷ ᠰᠠᠶᠢᠲᠠᠶ ᠬᠥᠭᠵᠢᠯᠲᠡ ᠶᠢᠨ ᠪᠤᠯᠪᠠᠰᠤᠷᠠᠭᠤᠯᠤᠯ ᠤᠨ ᠠᠩᠭᠢ ᠶᠢ ᠯᠢᠶᠠᠩᠴᠧᠩ ᠰᠢᠶᠠᠨ ᠳᠤ ᠡᠷᠭᠢᠯᠡᠪᠡ
ᠨᠡᠶᠢᠲᠡᠯᠡᠭᠰᠡᠨ ᠴᠠᠭ᠄
2024/6/27
       6 ᠰᠠᠷ᠎ᠠ ᠶᠢᠨ 26 ᠤ ᠡᠳᠦᠷ᠂ ᠪᠦᠬᠦ ᠬᠤᠳᠠ ᠶᠢᠨ 2024 ᠣᠨ ᠤ ᠵᠢᠭᠠᠰᠤᠨ ᠠᠵᠤ ᠠᠬᠤᠢ ᠶᠢᠨ ᠠᠮᠤᠷ ᠲᠦᠪᠰᠢᠨ ᠵᠢᠴᠢ ᠴᠢᠨᠠᠷ ᠰᠠᠶᠢᠲᠠᠢ ᠬᠥᠭᠵᠢᠯᠲᠡ ᠶᠢᠨ ᠪᠤᠯᠪᠠᠰᠤᠷᠠᠭᠤᠯᠤᠯ ᠤᠨ ᠠᠩᠬᠢ ᠯᠢᠶᠠᠩᠴᠧᠩ ᠰᠢᠶᠠᠨ ᠳᠤ ᠬᠢᠴᠢᠶᠡᠯ ᠡᠬᠢᠯᠡᠪᠡ᠃ ᠲᠣᠰ ᠤᠳᠠᠭᠠᠨ ᠤ ᠪᠤᠯᠪᠠᠰᠤᠷᠠᠭᠤᠯᠤᠯ ᠤᠨ ᠠᠩᠭᠢ ᠶᠢ ᠤᠯᠠᠭᠠᠨᠴᠠᠪ ᠬᠤᠲᠠ ᠶᠢᠨ ᠵᠢᠭᠠᠰᠤᠨ ᠠᠵᠤ ᠠᠬᠤᠶ ᠶᠢᠨ ᠬᠥᠭᠵᠢᠯᠲᠡ ᠶᠢᠨ ᠲᠥᠪ ᠠᠴᠠ ᠭᠤᠤᠯᠯᠠᠨ ᠡᠷᠭᠢᠯᠡᠵᠦ᠂ ᠯᠢᠶᠠᠩᠴᠧᠩ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠮᠵᠢᠯᠴᠠᠨ ᠡᠷᠭᠢᠯᠡᠵᠦ᠂ ᠪᠥᠬᠦ ᠬᠤᠲᠠ ᠶᠢᠨ ᠵᠢᠭᠠᠰᠤᠨ ᠠᠵᠤ ᠠᠬᠤᠶ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠶᠢᠨ ᠲᠥᠯᠥᠭᠡ ᠶᠤᠮ᠃ ᠡᠯ᠎ᠡ ᠬᠤᠰᠢᠭᠤ ᠰᠢᠶᠠᠨ ᠤ ᠤᠰᠤᠨ ᠭᠠᠷᠤᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠪᠣᠳᠠᠲᠠᠶ ᠬᠠᠷᠢᠭᠤᠴᠠᠯᠭᠠᠲᠠᠨ᠂ ᠭᠤᠤᠯᠳᠠᠯᠭ᠎ᠠ ᠲᠠᠢ ᠵᠢᠭᠠᠰᠤᠨ ᠠᠵᠤ ᠠᠬᠤᠶ ᠶᠢᠨ ᠭᠤᠤᠯ ᠴᠣᠭᠴᠠ ᠶᠢᠨ ᠬᠠᠷᠢᠭᠤᠴᠠᠯᠭᠠᠲᠠᠨ᠂ ᠬᠤᠲᠠ ᠶᠢᠨ ᠵᠢᠭᠠᠰᠤᠨ ᠠᠵᠤ ᠠᠬᠤᠶ ᠶᠢᠨ ᠬᠥᠭᠵᠢᠯᠲᠡ ᠶᠢᠨ ᠲᠥᠪ ᠤᠨ ᠬᠠᠮᠢᠶ᠎ᠠ ᠪᠥᠬᠦᠶ ᠠᠵᠢᠯᠲᠠᠨ ᠨᠡᠶᠢᠲᠡ 50 ᠭᠠᠷᠤᠶ ᠬᠥᠮᠦᠨ ᠪᠤᠯᠪᠠᠰᠤᠷᠠᠭᠤᠯᠤᠯ ᠳᠤ ᠣᠷᠣᠯᠴᠠᠵᠠᠶ᠃    ᠲᠣᠰ ᠤᠳᠠᠭᠠᠨ ᠤ ᠪᠣᠯᠪᠠᠰᠤᠷᠠᠭᠤᠯᠤᠯ ᠨᠢ ᠬᠤᠶᠠᠷ ᠡᠳᠦᠷ ᠤᠨ ᠬᠤᠭᠤᠴᠠᠭ᠎ᠠ ᠲᠠᠢ ᠪᠠᠶᠢᠵᠤ᠂ ᠭᠤᠤᠯᠳᠠᠭᠤ ᠵᠢᠭᠠᠰᠤᠨ ᠠᠵᠤ ᠠᠬᠤᠶ ᠶᠢᠨ ᠠᠶᠤᠯᠭᠦᠶ ᠦᠢᠯᠡᠳᠪᠦᠷᠢᠯᠡᠯ᠂ ᠲᠦᠬᠦᠬᠡᠷᠦᠮᠵᠢᠳᠦ ᠵᠢᠭᠠᠰᠤᠨ ᠠᠵᠤ ᠠᠬᠤᠶ᠂ ᠲᠣᠮᠣ ᠤᠰᠤᠨ ᠤ ᠭᠠᠳᠠᠷᠭᠤ ᠶᠢᠨ ᠠᠮᠢ ᠠᠬᠤᠶ ᠶᠢᠨ ᠵᠢᠭᠠᠰᠤᠨ ᠠᠵᠤ ᠠᠬᠤᠶ᠂ ᠬᠦᠢᠲᠡᠨ ᠤᠰᠤᠨ ᠤ ᠵᠢᠭᠠᠰᠤ ᠲᠡᠵᠢᠭᠡᠨ ᠦᠷᠡᠵᠢᠭᠦᠯᠬᠦ ᠮᠡᠷᠭᠡᠵᠢᠯ᠂ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠴᠥᠭᠦᠷᠥᠮ ᠤᠨ ᠪᠠᠷᠢᠮᠵᠢᠶᠠᠵᠢᠭᠤᠯᠤᠭᠰᠠᠨ ᠡᠷᠡᠭᠦᠯ ᠢᠶᠠᠷ ᠲᠡᠵᠢᠭᠡᠨ ᠦᠷᠡᠵᠢᠭᠦᠯᠬᠦ ᠮᠡᠷᠭᠡᠵᠢᠯ ᠵᠢᠴᠢ ᠤᠯᠠᠭᠠᠨᠴᠠᠪ ᠬᠤᠲᠠ ᠶᠢᠨ ᠵᠢᠭᠠᠰᠤᠨ ᠠᠵᠤ ᠠᠬᠤᠶ ᠶᠢᠨ ᠬᠥᠭᠵᠢᠯᠲᠡ ᠶᠢᠨ ᠲᠡᠤᠬᠡ ᠶᠢᠨ ᠣᠳᠣᠬᠢ ᠪᠠᠶᠢᠳᠠᠯ ᠵᠡᠷᠭᠡ ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠬᠢᠪᠠ᠃    ᠲᠤᠰ ᠤᠳᠠᠭᠠᠨ ᠤ ᠪᠤᠯᠪᠠᠰᠤᠷᠠᠯ ᠳᠤ ᠤᠷᠤᠯᠴᠠᠭᠰᠠᠨ ᠠᠵᠢᠯᠳᠠᠨ ᠬᠡᠯᠡᠬᠦ ᠳᠡᠭᠡᠨ᠄ ᠲᠤᠰ ᠤᠳᠠᠭᠠᠨ ᠤ ᠪᠤᠯᠪᠠᠰᠤᠷᠠᠯ ᠢᠶᠠᠷ ᠲᠠᠮᠵᠢᠨ ᠵᠢᠭᠠᠰᠤᠨ ᠠᠵᠤ ᠠᠬᠤᠢ ᠶᠢᠨ ᠠᠶᠤᠯᠭᠦᠢ ᠦᠢᠯᠡᠳᠪᠦᠷᠢᠯᠡᠯ ᠤᠨ ᠴᠢᠬᠤᠯᠠ ᠴᠢᠨᠠᠷ ᠢ ᠨᠡᠩ ᠭᠦᠨᠵᠡᠭᠡᠢ ᠲᠠᠨᠢᠵᠦ᠂ ᠮᠠᠰᠢ ᠤᠯᠠᠨ ᠭᠡᠷᠡᠭᠯᠡᠭᠡᠨ ᠤ ᠮᠡᠷᠭᠡᠵᠢᠯ ᠪᠠ ᠠᠷᠭ᠎ᠠ ᠶᠢ ᠰᠤᠷᠴᠦ᠂ ᠵᠢᠭᠠᠰᠤᠨ ᠠᠵᠤ ᠠᠬᠤᠢ ᠶᠢᠨ ᠦᠢᠯᠡᠳᠪᠦᠷᠢᠯᠡᠯ ᠤᠨ ᠭᠡᠪ ᠵᠠᠬᠪᠤᠷ ᠢ ᠰᠠᠶᠢᠵᠢᠷᠠᠭᠤᠯᠬᠤ᠂ ᠵᠢᠭᠠᠰᠤᠨ ᠠᠵᠤ ᠠᠬᠤᠢ ᠶᠢᠨ ᠭᠠᠷᠤᠯᠳᠠ ᠪᠠ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠳᠤ ᠢᠳᠡᠭᠡᠯ ᠳᠦᠭᠦᠷᠡᠩ ᠪᠠᠶᠢᠨ᠎ᠠ ᠭᠡᠪᠡ᠃    ᠲᠣᠰ ᠤᠳᠠᠭᠠᠨ ᠤ ᠪᠤᠯᠪᠠᠰᠤᠷᠠᠭᠤᠯᠤᠯ ᠤᠨ ᠠᠩᠭᠢ ᠶᠢ ᠡᠷᠭᠢᠯᠡᠭᠰᠡᠨ ᠨᠢ ᠪᠥᠬᠦ ᠬᠤᠲᠠ ᠶᠢᠨ ᠵᠢᠭᠠᠰᠤᠨ ᠠᠵᠤ ᠠᠬᠤᠶ ᠶᠢᠨ ᠠᠶᠤᠯᠭᠦᠶ ᠦᠢᠯᠡᠳᠪᠦᠷᠢᠯᠡᠯ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠵᠢᠭᠠᠰᠤᠨ ᠠᠵᠤ ᠠᠬᠤᠶ ᠶᠢᠨ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠪᠥᠬᠦ ᠬᠤᠲᠠ ᠶᠢᠨ ᠵᠢᠭᠠᠰᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠬᠦᠴᠦᠲᠡᠶ ᠳᠡᠮᠵᠢᠯᠭᠡ ᠪᠠ ᠪᠠᠲᠤᠯᠠᠭ᠎ᠠ ᠬᠠᠩᠭᠠᠬᠤ ᠪᠣᠯᠤᠨ᠎ᠠ᠃                      ᠤᠷᠴᠢᠭᠤᠯᠤᠭᠴᠢ᠄ ᠬᠦᠰᠡᠯ                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2