ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2024/6/28
    6 ᠰᠠᠷ᠎ᠠ ᠶᠢᠨ 27 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠥᠬᠡᠨᠠᠭᠤᠷ᠂ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠢᠳᠡᠪᠬᠢᠲᠡᠢ ᠬᠥᠭᠵᠢᠭᠦᠯᠵᠦ᠂ ᠦᠵᠡᠰᠬᠦᠯᠡᠩᠲᠦ ᠰᠠᠶᠢᠬᠠᠨ ᠤᠯᠠᠭᠠᠨᠴᠠᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ︽ᠳᠤᠯᠠᠭᠠᠯᠠᠬᠤ ᠢᠨᠵᠧᠨᠧᠷᠢᠩ︾ ᠢ ᠰᠠᠶᠢᠲᠤᠷ ᠬᠡᠷᠡᠭᠵᠢᠭᠦᠯᠵᠦ᠂ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠰᠤᠷᠲᠠᠯ ᠴᠢᠬᠡᠴᠢ ᠣᠪᠣᠷ ᠲᠥᠪ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠬᠤᠶᠠᠷ ᠲᠠᠯ᠎ᠠ ᠶᠢ ᠠᠳᠬᠤᠬᠤ ᠶᠢ ᠪᠠᠷᠢᠮᠲᠠᠯᠠᠵᠤ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠪᠥᠬᠦ ᠬᠤᠲᠠ ᠶᠢᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠲᠥᠷᠥᠯ ᠵᠦᠢᠯ ᠢ ᠢᠳᠡᠪᠬᠢᠲᠡᠶ ᠲᠡᠮᠡᠴᠡᠨ ᠣᠯᠵᠤ᠂ ᠣᠯᠠᠨ ᠲᠠᠯ᠎ᠠ ᠠᠴᠠ ᠪᠠᠯᠠ ᠮᠥᠩᠭᠦ ᠴᠤᠭᠯᠠᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ᠂ ᠠᠷᠠᠴᠢᠯᠠᠨ ᠬᠠᠮᠠᠭᠠᠯᠠᠬᠤ ᠪᠠ ᠡᠵᠡᠩᠨᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠩᠭᠢᠯᠠᠭ᠎ᠠ ᠶᠢᠨ ᠭᠤᠣᠯᠳᠠᠯᠭ᠎ᠠ ᠶᠢ ᠡᠵᠡᠮᠳᠡᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ︔ ᠨᠢᠭᠡ ᠠᠴᠠ ᠨᠦᠬᠦᠭᠡ ᠶᠢ ᠵᠦᠢᠴᠢᠯᠡᠬᠦ ᠠᠵᠢᠯ ᠢ ᠥᠷᠨᠢᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠤᠤᠭᠤᠬᠤ ᠤᠰᠤᠨ ᠤ ᠠᠮᠤᠷ ᠲᠦᠪᠰᠢᠨ᠂ ᠣᠷᠣᠯᠭ᠎ᠠ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ ᠭᠦᠨᠵᠡᠭᠡᠢ ᠵᠢᠭᠰᠠᠭᠠᠨ ᠪᠠᠶᠢᠴᠠᠭᠠᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ︔ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠢᠩᠭ᠎ᠠ ᠱᠠᠯᠠᠪᠳᠠᠭᠤᠯᠤᠨ ᠪᠣᠳᠠᠲᠠᠢ ᠵᠢᠯᠣᠭᠤᠳᠴᠤ᠂ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠣᠷᠣᠨ ᠨᠤᠲᠤᠭ ᠤᠨ ᠬᠠᠤᠯᠢ ᠲᠣᠭᠲᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠷᠣᠨ ᠨᠤᠲᠤᠭ ᠤᠨ ᠬᠠᠤᠯᠢ ᠲᠣᠭᠲᠠᠭᠠᠬᠤ ᠠᠵᠢᠯ ᠤᠨ ᠴᠠᠭ ᠦᠶ᠎ᠡ ᠶᠢᠨ ᠱᠠᠭᠠᠷᠳᠠᠯᠭ᠎ᠠ ᠶᠢ ᠢᠯᠡᠷᠡᠭᠦᠯᠬᠦ᠂ ᠠᠷᠠᠳ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠦᠯᠬᠦ ᠶᠢ ᠴᠢᠷᠮᠠᠶᠢᠨ ᠠᠬᠢᠭᠤᠯᠬᠤ ᠬᠡᠷᠡᠭᠲᠡᠢ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠠᠵᠢᠯ ᠢ ᠰᠠᠶᠢᠲᠤᠷ ᠠᠳᠬᠤᠵᠤ᠂ ᠡᠷᠡᠰ ᠭᠤᠶᠢᠪᠢᠰᠢ ᠦᠭᠡᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠬᠤ ᠶᠢ ᠬᠦᠳᠦᠯᠦᠨ ᠵᠢᠯᠣᠭᠤᠳᠴᠤ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                               ᠣᠷᠴᠢᠭᠤᠯᠤᠭᠴᠢ᠄ ᠭᠤᠸ᠎ᠠ                                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2