ᠰᠦᠶ ᠸᠧᠶ ᠵᠢᠶᠦ᠋ᠨ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2024/6/3
   5 ᠰᠠᠷ᠎ᠠ ᠶᠢᠨ 31 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠤᠭᠰᠠᠨ ᠪᠥᠭᠡᠳ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠭᠥᠯᠢᠶᠡᠨ ᠠᠪᠬᠤ ᠲᠠᠰᠤᠭ ᠲᠤ᠂ ᠰᠦᠶ ᠸᠧᠶ ᠵᠢᠶᠦ᠋ᠨ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠦᠯᠢᠴᠡᠩᠭᠦᠶ ᠪᠠᠷ ᠰᠣᠨᠣᠰᠴᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠤᠨ ᠪᠠᠶᠢᠳᠠᠯ ᠢ ᠨᠠᠷᠢᠨ ᠤᠶᠢᠯᠠᠭᠠᠨ᠂ ᠣᠯᠠᠨ ᠲᠦᠮᠡᠨ ᠤ ᠲᠤᠰᠬᠠᠭᠰᠠᠨ ᠰᠠᠭᠤᠭᠠᠯᠢ ᠲᠣᠭᠤᠷᠢᠭ ᠤᠨ ᠢᠯᠴᠢ ᠬᠠᠩᠭᠠᠬᠤ᠂ ᠬᠡᠷ ᠲᠤᠰᠢᠶᠠᠬᠤ ᠬᠤᠭᠤᠴᠠᠭ᠎ᠠ ᠶᠢ ᠤᠷᠲᠤᠳᠬᠠᠬᠤ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠲᠠᠯᠠᠪᠤᠷ ᠲᠤᠨᠢ ᠰᠢᠢᠳᠪᠦᠷᠢᠯᠡᠬᠦ ᠠᠷᠭ᠎ᠠ ᠶᠢ ᠰᠤᠳᠤᠯᠵᠤ᠂ ᠬᠠᠮᠢᠶ᠎ᠠ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ ᠢ ᠬᠠᠤᠯᠢ ᠲᠣᠭᠲᠠᠭᠠᠯ ᠶᠣᠰᠣᠭᠠᠷ ᠲᠦᠷᠭᠡᠳᠬᠡᠨ ᠰᠢᠢᠳᠪᠦᠷᠢᠯᠡᠬᠦ ᠶᠢ ᠰᠢᠮᠳᠠᠭᠤᠯᠪᠠ᠃ ᠰᠦᠢ ᠸᠧᠢ ᠵᠢᠶᠦ᠋ᠨ᠂ ︽ᠳᠤᠯᠠᠭᠠᠯᠠᠭ᠎ᠠ ᠶᠢᠨ ᠢᠨᠵᠧᠨᠧᠷᠢᠩ︾ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠤᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ᠂ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ ᠬᠤᠭᠤᠯᠠᠢ ᠲᠣᠣᠷ ᠢ ᠥᠭᠡᠷᠡᠴᠢᠯᠡᠬᠦ ᠢᠨᠵᠧᠨᠧᠷᠢᠩ ᠢ ᠴᠠᠭ ᠲᠤᠬᠠᠢ ᠳᠤᠨᠢ ᠪᠡᠶᠡᠯᠡᠭᠦᠯᠵᠦ᠂ ᠠᠷᠠᠳ ᠤᠯᠠᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃    ᠳᠠᠷᠠᠭᠠᠪᠠᠷ ᠨᠢ ᠬᠤᠷᠠᠯᠳᠤᠭᠰᠠᠨ ᠲᠤᠰᠬᠠᠢ ᠰᠡᠳᠦᠪᠲᠦ ᠬᠤᠷᠠᠯ ᠳᠡᠭᠡᠷ᠎ᠡ᠂ ᠰᠦᠢ ᠸᠧᠢ ᠵᠢᠶᠦ᠋ᠨ ᠵᠢᠨᠢᠩ ᠲᠣᠭᠤᠷᠢᠭ ᠪᠣᠯᠤᠨ ᠪᠦᠬᠦ ᠬᠤᠳᠠ ᠶᠢᠨ ᠭᠡᠷ ᠪᠠᠶᠢᠰᠢᠩ ᠢ ᠪᠠᠲᠤᠯᠠᠵᠤ ᠲᠤᠰᠢᠶᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠠᠢ᠃ ᠲᠡᠷᠡ᠂ ᠭᠡᠷ ᠪᠠᠶᠢᠰᠢᠩ ᠲᠤᠰᠢᠶᠠᠬᠤ ᠠᠵᠢᠯ ᠪᠣᠯ ᠤᠯᠤᠰ ᠲᠦᠷᠦ ᠶᠢᠨ ᠡᠭᠦᠷᠭᠡ ᠪᠣᠯᠬᠤ ᠪᠠᠷ ᠪᠠᠷᠠᠬᠤ ᠦᠭᠡᠢ ᠪᠠᠰᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠪᠡᠯᠡ ᠮᠥᠩᠭᠦ ᠶᠢᠨ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠢᠳᠡᠪᠬᠢᠲᠡᠢ ᠵᠣᠯᠭᠠᠭᠤᠯᠵᠤ᠂ ᠠᠵᠤ ᠠᠬᠤᠶᠢᠯᠠᠯ ᠢ ᠵᠢᠯᠣᠭᠤᠳᠤᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠢ ᠤᠷᠤᠭᠰᠢᠲᠠᠢ ᠠᠬᠢᠭᠤᠯᠬᠤ ᠳᠤ ᠭᠦᠢᠴᠡᠳ ᠪᠡᠯᠡ ᠮᠥᠩᠭᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠲᠦᠷᠦᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ︽ᠨᠢᠭᠡ ᠠᠰᠠᠷ ᠲᠤ ᠨᠢᠭᠡ ᠲᠦᠷᠦ ᠶᠢᠨ ᠪᠤᠳᠤᠯᠭ᠎ᠠ᠂ ᠨᠢᠭᠡ ᠠᠵᠤ ᠠᠬᠤᠶᠢᠯᠠᠯ ᠳᠤ ᠨᠢᠭᠡ ᠲᠦᠷᠦ ᠶᠢᠨ ᠪᠤᠳᠤᠯᠭ᠎ᠠ︾ ᠶᠢ ᠪᠠᠷᠢᠮᠲᠠᠯᠠᠵᠤ᠂ ᠨᠢᠭᠡ ᠲᠠᠯ᠎ᠠ ᠪᠠᠷ ᠰᠤᠳᠤᠯᠵᠤ᠂ ᠨᠢᠭᠡ ᠲᠠᠯ᠎ᠠ ᠪᠠᠷ ᠠᠬᠢᠭᠤᠯᠵᠤ᠂ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠬᠠᠮᠢᠶᠠᠷᠤᠯᠲᠠ ᠪᠠᠨ ᠦᠨᠡᠨ ᠬᠦ ᠴᠢᠩᠭᠠᠳᠬᠠᠵᠤ᠂ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠨ ᠪᠣᠷᠣᠯᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠲᠠᠩᠰᠠᠨ ᠡᠷᠦᠬᠡ ᠶᠢᠨ ᠪᠡᠯᠡ ᠮᠥᠩᠭᠦ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠵᠣᠭᠤᠰ ᠨᠢᠭᠡᠪᠦᠷᠢ ᠶᠢ ᠴᠥᠮ ᠵᠠᠩᠭᠢᠯᠠᠭ᠎ᠠ ᠶᠢᠨ ᠭᠠᠵᠠᠷ ᠲᠤ ᠬᠡᠷᠡᠭᠯᠡᠬᠦ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃    ᠵᠠᠩ ᠶᠦᠩ ᠸᠧᠨ᠂ ᠰᠦᠢ ᠵᠢᠶᠠᠨ ᠬᠤᠸᠠ ᠣᠷᠣᠯᠴᠠᠵᠠᠢ᠃                                           ᠣᠷᠴᠢᠭᠤᠯᠤᠭᠴᠢ᠄ ᠭᠤᠸ᠎ᠠ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2