ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠳᠤᠯᠤᠯᠲᠠ ᠪᠠᠷ ᠳᠠᠮᠵᠢᠭᠠᠳ᠂ ᠲᠤᠤᠷ᠎ᠠ | ᠳᠡᠪᠰᠢᠭᠦᠯᠬᠦ ᠪᠠᠷ ᠪᠠᠶᠢᠭ᠎ᠠ 16 ᠺᠠᠳ᠋ᠷ ᠢ ᠵᠠᠷᠯᠠᠨ ᠨᠡᠶᠢᠲᠡᠯᠡᠬᠦ ᠪᠠᠷ ᠲᠣᠭᠲᠠᠪᠠ᠃ | ᠨᠢᠭᠡ᠂ ᠵᠠᠷᠯᠠᠨ ᠨᠡᠶᠢᠲᠡᠯᠡᠬᠦ ᠨᠡᠷᠡᠰ | ᠺᠠᠩ ᠶᠦᠩ ᠴᠢᠶᠠᠩ᠂ ᠡᠷᠡᠭᠲᠡᠶ᠂ ᠬᠢᠲᠠᠳ ᠦᠨᠳᠦᠰᠦᠲᠡᠨ᠂ 1971 ᠣᠨ ᠤ 8 ᠰᠠᠷ᠎ᠠ ᠳᠤ ᠳᠦᠷᠦᠵᠡᠶ᠂ | ᠲᠥᠪ ᠤᠨ ᠨᠠᠮ ᠤᠨ ᠰᠤᠷᠭᠠᠭᠤᠯᠢ ᠶᠢᠨ ᠪᠠᠴᠤᠯᠤᠷ᠃ ᠣᠲᠣ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠢᠨ ᠲᠤᠰᠢᠶᠠᠯ ᠲᠠᠢ᠃ | ᠮᠥᠩᠬᠡᠪᠠᠭᠠᠲᠤᠷ᠂ ᠡᠷᠡᠭᠲᠡᠶ᠂ ᠮᠣᠩᠭᠤᠯ ᠦᠨᠳᠦᠰᠦᠲᠡᠨ᠂ 1970 ᠣᠨ ᠤ 5 ᠰᠠᠷ᠎ᠠ ᠳᠤ ᠳᠦᠷᠦᠵᠡᠶ᠂ ᠶᠡᠭᠡ | ᠰᠤᠷᠭᠠᠭᠤᠯᠢ ᠶᠢᠨ ᠤᠳᠬ᠎ᠠ ᠵᠣᠬᠢᠶᠠᠯ ᠤᠨ ᠪᠠᠴᠤᠯᠤᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ | ᠣᠲᠣ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠶᠢᠨ ᠲᠤᠰᠢᠶᠠᠯ ᠲᠠᠢ᠃ | ᠵᠠᠩ ᠪᠦᠦ ᠴᠧᠩ᠂ ᠡᠷᠡᠭᠲᠡᠶ᠂ ᠬᠢᠲᠠᠳ ᠦᠨᠳᠦᠰᠦᠲᠡᠨ᠂ 1972 ᠣᠨ ᠤ 11 ᠰᠠᠷ᠎ᠠ ᠳᠤ ᠲᠦᠷᠦᠵᠠᠢ᠂ | ᠠᠵᠢᠯ ᠤᠨ ᠪᠠᠶᠢᠷᠢ ᠳᠡᠭᠡᠷᠡᠬᠢ ᠠᠰᠫᠢᠷᠠᠨᠲ᠂ ᠬᠠᠤᠯᠢ ᠶᠢᠨ ᠤᠬᠠᠭᠠᠨ ᠤ ᠳ᠋ᠣᠺᠲ᠋ᠣᠷ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠭᠡᠰᠢᠭᠦᠨ᠃ ᠤᠳᠤ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠶᠢᠨ ᠲᠤᠰᠢᠶᠠᠯ ᠲᠠᠢ᠃ | ᠴᠧᠨ ᠬᠥᠩ ᠮᠢᠩ᠂ ᠡᠷᠡᠭᠲᠡᠶ᠂ ᠬᠢᠲᠠᠳ ᠦᠨᠳᠦᠰᠦᠲᠡᠨ᠂ 1970 ᠣᠨ ᠤ 6 ᠰᠠᠷ᠎ᠠ ᠳᠤ ᠳᠦᠷᠦᠵᠡᠶ᠂ ᠶᠡᠭᠡ | ᠰᠤᠷᠭᠠᠭᠤᠯᠢ ᠶᠢᠨ ᠪᠠᠴᠤᠯᠤᠷ᠂ ᠢᠨᠵᠧᠨᠧᠷᠢᠩ ᠤᠨ ᠤᠬᠠᠭᠠᠨ ᠤ ᠮᠠᠰᠲ᠋ᠧᠷ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠭᠡᠰᠢᠭᠦᠨ᠃ ᠣᠲᠣ ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢᠨ ᠲᠤᠰᠢᠶᠠᠯ ᠲᠠᠢ᠃ | ᠰᠢᠨ᠎ᠡ᠂ ᠡᠮᠡᠭᠲᠡᠶ᠂ ᠮᠣᠩᠭᠤᠯ ᠦᠨᠳᠦᠰᠦᠲᠡᠨ᠂ 1969 ᠣᠨ ᠤ 6 ᠰᠠᠷ᠎ᠠ ᠳᠤ ᠳᠦᠷᠦᠵᠡᠶ᠂ ᠶᠡᠭᠡ | ᠰᠤᠷᠭᠠᠭᠤᠯᠢ ᠶᠢᠨ ᠪᠠᠴᠤᠯᠤᠷ᠂ ᠳᠡᠭᠡᠳᠦ ᠵᠡᠷᠭᠡ ᠶᠢᠨ ᠨᠠᠶᠢᠷᠠᠭᠤᠯᠤᠭᠴᠢ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠭᠡᠰᠢᠭᠦᠨ᠃ ᠣᠲᠣ ᠬᠥᠬᠡᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠶᠢᠨ ᠲᠤᠰᠢᠶᠠᠯ ᠲᠠᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠤᠳᠤᠷᠢᠳᠬᠤ ᠪᠠᠭ ᠢ ᠰᠢᠭᠤᠳ ᠬᠠᠮᠢᠶᠠᠷᠬᠤ ᠠᠵᠤ ᠠᠬᠤᠶᠢᠯᠠᠯ ᠤᠨ ᠵᠢᠩᠬᠢᠨᠢ ᠲᠤᠰᠢᠶᠠᠯ ᠢ ᠬᠠᠷᠢᠭᠤᠴᠠᠬᠤ | ᠵᠢᠱᠢᠭᠳᠡᠭᠴᠢ ᠪᠠᠷ ᠨᠡᠷ᠎ᠡ ᠳᠤᠷᠠᠳᠤᠭᠳᠠᠬᠤ ᠪᠠᠷ ᠪᠠᠶᠢᠨ᠎ᠠ᠃ | ᠮᠠ ᠾᠦᠢ ᠵᠢᠶ᠂ ᠡᠷᠡᠭᠲᠡᠶ᠂ ᠬᠢᠲᠠᠳ ᠦᠨᠳᠦᠰᠦᠲᠡᠨ᠂ 1979 ᠣᠨ ᠤ 9 ᠰᠠᠷ᠎ᠠ ᠳᠤ ᠲᠦᠷᠦᠵᠠᠢ᠂ | ᠠᠰᠫᠢᠷᠠᠨᠲ᠂ ᠬᠠᠤᠯᠢ ᠶᠢᠨ ᠤᠬᠠᠭᠠᠨ ᠤ ᠳ᠋ᠣᠺᠲ᠋ᠣᠷ᠂ ᠫᠷᠤᠹᠧᠰᠰᠤᠷ᠃ ᠣᠳᠣ ᠲᠦᠩᠯᠢᠶᠣᠤ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠬᠦᠷᠢᠶ᠎ᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ | ᠲᠤᠰᠢᠶᠠᠯ ᠲᠠᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠢ ᠰᠢᠭᠤᠳ | ᠬᠠᠮᠢᠶᠠᠷᠬᠤ ᠠᠵᠤ ᠠᠬᠤᠶᠢᠯᠠᠯ ᠤᠨ ᠵᠢᠩᠬᠢᠨᠢ ᠲᠤᠰᠢᠶᠠᠯ ᠢ ᠬᠠᠷᠢᠭᠤᠴᠠᠬᠤ ᠵᠢᠱᠢᠭᠳᠡᠭᠴᠢ ᠪᠠᠷ ᠨᠡᠷ᠎ᠡ | ᠳᠤᠷᠠᠳᠤᠭᠳᠠᠬᠤ ᠪᠠᠷ ᠪᠠᠶᠢᠨ᠎ᠠ᠃ | ᠶᠦᠨ ᠫᠧᠩ ᠭᠠᠩ᠂ ᠡᠷᠡᠭᠲᠡᠶ᠂ ᠮᠣᠩᠭᠤᠯ ᠦᠨᠳᠦᠰᠦᠲᠡᠨ᠂ 1976 ᠣᠨ ᠤ 2 ᠰᠠᠷ᠎ᠠ ᠳᠤ ᠲᠦᠷᠦᠵᠠᠢ᠂ | ᠠᠰᠫᠢᠷᠠᠨᠲ᠂ ᠢᠨᠵᠧᠨᠧᠷᠢᠩ ᠤᠨ ᠤᠬᠠᠭᠠᠨ ᠤ ᠮᠠᠰᠲ᠋ᠧᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ | ᠤᠳᠤ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ | ᠳᠠᠷᠤᠭ᠎ᠠ ᠶᠢᠨ ᠲᠤᠰᠢᠶᠠᠯ ᠲᠠᠢ᠃ | ᠸᠠᠩ ᠢᠦᠢ ᠲᠢᠶᠠᠨ᠂ ᠡᠷᠡᠭᠲᠡᠢ᠂ ᠬᠢᠲᠠᠳ ᠦᠨᠳᠦᠰᠦᠲᠡᠨ᠂ 1972 ᠣᠨ ᠤ 6 ᠰᠠᠷ᠎ᠠ ᠳᠤ ᠲᠦᠷᠦᠵᠠᠢ᠂ | ᠠᠵᠢᠯ ᠤᠨ ᠪᠠᠶᠢᠷᠢ ᠳᠡᠭᠡᠷᠡᠬᠢ ᠤᠶᠤᠳᠠᠨ᠂ ᠳᠡᠭᠡᠳᠦ ᠵᠡᠷᠭᠡ ᠶᠢᠨ ᠰᠤᠷᠪᠤᠯᠵᠢᠯᠠᠬᠴᠢ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠭᠡᠰᠢᠭᠦᠨ᠃ ᠤᠳᠤ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠨᠠᠮ ᠤᠨ | ᠬᠤᠷᠢᠶᠠᠨ ᠤ ᠭᠡᠰᠢᠭᠦᠨ᠂ ᠳᠡᠳ᠋ ᠶᠡᠷᠦᠩᠬᠡᠢ ᠨᠠᠶᠢᠷᠠᠭᠤᠯᠤᠭᠴᠢ᠂ ᠠᠶᠢᠮᠠᠭ ᠬᠤᠳᠠ ᠶᠢᠨ ᠨᠠᠮ ᠤᠨ ᠬᠤᠷᠢᠶᠠᠨ ᠤ ᠳᠡᠳ᠋ | ᠡᠷᠬᠢᠯᠡᠭᠴᠢ ᠶᠢᠨ ᠲᠤᠰᠢᠶᠠᠯ ᠲᠠᠢ᠃ | ᠵᠠᠩ ᠴᠤᠸᠠᠨ ᠬᠤᠸᠠ᠂ ᠡᠷᠡᠭᠲᠡᠶ᠂ ᠬᠢᠲᠠᠳ ᠦᠨᠳᠦᠰᠦᠲᠡᠨ᠂ 1973 ᠣᠨ ᠤ 6 ᠰᠠᠷ᠎ᠠ ᠳᠤ ᠳᠦᠷᠦᠵᠡᠶ᠂ | ᠶᠡᠭᠡ ᠰᠤᠷᠭᠠᠭᠤᠯᠢ ᠶᠢᠨ ᠠᠵᠤ ᠠᠬᠤᠶ ᠶᠢᠨ ᠤᠬᠠᠭᠠᠨ ᠤ ᠪᠠᠴᠤᠯᠤᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠭᠡᠰᠢᠭᠦᠨ᠃ ᠣᠲᠣ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ | ᠪᠢᠴᠢᠭ ᠤᠨ ᠳᠠᠷᠤᠭ᠎ᠠ ᠶᠢᠨ ᠲᠤᠰᠢᠶᠠᠯ ᠲᠠᠢ᠃ | ᠹᠠᠩ ᠽᠧ᠂ ᠡᠷᠡᠭᠲᠡᠶ᠂ ᠬᠤᠲᠣᠩ ᠦᠨᠳᠦᠰᠦᠲᠡᠨ᠂ 1980 ᠣᠨ ᠤ 3 ᠰᠠᠷ᠎ᠠ ᠳᠤ ᠲᠦᠷᠦᠵᠠᠢ᠂ ᠠᠰᠫᠢᠷᠠᠨᠲ᠂ | ᠬᠠᠤᠯᠢ ᠶᠢᠨ ᠤᠬᠠᠭᠠᠨ ᠤ ᠳ᠋ᠣᠺᠲ᠋ᠣᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ | ᠤᠯᠠᠭᠠᠨᠴᠠᠪ ᠬᠤᠳᠠ ᠶᠢᠨ ᠳᠡᠳ᠋ ᠳᠠᠷᠤᠭ᠎ᠠ᠂ ᠠᠶᠢᠮᠠᠭ ᠬᠤᠳᠠ ᠶᠢᠨ ᠨᠠᠮ ᠤᠨ ᠬᠤᠷᠢᠶᠠᠨ ᠤ ᠳᠡᠳ᠋ ᠲᠤᠰᠢᠶᠠᠯᠲᠠᠨ ᠤ | ᠲᠤᠰᠢᠶᠠᠯ ᠲᠠᠢ᠃ | ᠰᠦᠢ ᠵᠢᠶᠠᠨ ᠬᠤᠸᠠ᠂ ᠡᠷᠡᠭᠲᠡᠢ᠂ ᠮᠣᠩᠭᠤᠯ ᠦᠨᠳᠦᠰᠦᠲᠡᠨ᠂ 1977 ᠣᠨ ᠤ 5 ᠰᠠᠷ᠎ᠠ ᠳᠤ ᠲᠦᠷᠦᠵᠠᠢ᠂ | ᠶᠡᠭᠡ ᠰᠤᠷᠭᠠᠭᠤᠯᠢ ᠶᠢᠨ ᠤᠯᠠᠨ ᠨᠡᠶᠢᠲᠡ ᠶᠢᠨ ᠬᠠᠮᠢᠶᠠᠷᠤᠯᠲᠠ ᠶᠢᠨ ᠮᠠᠰᠲ᠋ᠧᠷ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠭᠡᠰᠢᠭᠦᠨ᠃ ᠤᠳᠤ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠠᠯᠪᠠᠨ ᠭᠡᠷ ᠤᠨ ᠡᠷᠬᠢᠯᠡᠭᠴᠢ᠂ ᠠᠶᠢᠮᠠᠭ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ ᠶᠢᠨ ᠲᠤᠰᠢᠶᠠᠯ ᠲᠠᠢ᠃ | ᠸᠠᠩ ᠶᠦᠨ ᠾᠧᠩ᠂ ᠡᠷᠡᠭᠲᠡᠶ᠂ ᠮᠣᠩᠭᠤᠯ ᠦᠨᠳᠦᠰᠦᠲᠡᠨ᠂ 1972 ᠣᠨ ᠤ 10 ᠰᠠᠷ᠎ᠠ ᠳᠤ ᠳᠦᠷᠦᠵᠡᠶ᠂ | ᠶᠡᠭᠡ ᠰᠤᠷᠭᠠᠭᠤᠯᠢ ᠶᠢᠨ ᠠᠵᠤ ᠠᠬᠤᠶ ᠶᠢᠨ ᠤᠬᠠᠭᠠᠨ ᠤ ᠪᠠᠴᠤᠯᠤᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠭᠡᠰᠢᠭᠦᠨ᠃ ᠣᠲᠣ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ | ᠪᠠᠶᠢᠴᠠᠭᠠᠬᠤ ᠵᠥᠪᠯᠡᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠳᠤ ᠰᠠᠭᠤᠭ᠎ᠠ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠲᠢᠩᠬᠢᠮ ᠤᠨ ᠨᠠᠮ ᠤᠨ | ᠬᠤᠷᠢᠶ᠎ᠠ ᠶᠢᠨ ᠭᠡᠰᠢᠭᠦᠨ᠂ ᠬᠤᠶᠠᠳᠤᠭᠠᠷ ᠳᠡᠰ ᠤᠨ ᠳᠡᠭᠡᠳᠦ ᠵᠡᠷᠭᠡ ᠶᠢᠨ ᠬᠢᠨᠠᠨ ᠪᠠᠶᠢᠴᠠᠭᠠᠬᠤ ᠳᠠᠷᠤᠭ᠎ᠠ᠂ ᠠᠶᠢᠮᠠᠭ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠲᠤᠰᠢᠶᠠᠯᠲᠠᠨ ᠤ ᠲᠤᠰᠢᠶᠠᠯ ᠲᠠᠢ᠃ | ᠶᠠᠨ ᠱᠤᠸᠠᠩ᠂ ᠡᠮᠡᠭᠲᠡᠶ᠂ ᠮᠣᠩᠭᠤᠯ ᠦᠨᠳᠦᠰᠦᠲᠡᠨ᠂ 1981 ᠣᠨ ᠤ 12 ᠰᠠᠷ᠎ᠠ ᠳᠤ ᠳᠦᠷᠦᠵᠡᠶ᠂ | ᠠᠵᠢᠯ ᠤᠨ ᠪᠠᠶᠢᠷᠢ ᠳᠡᠭᠡᠷᠡᠬᠢ ᠠᠰᠫᠢᠷᠠᠨᠲ ᠂ ᠣᠯᠠᠨ ᠨᠡᠶᠢᠲᠡ ᠶᠢᠨ ᠬᠠᠮᠢᠶᠠᠷᠤᠯᠲᠠ ᠶᠢᠨ ᠮᠠᠰᠲ᠋ᠧᠷ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠲᠣ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠨᠢᠭᠡᠳᠦᠮᠡᠯ ᠹᠷᠣᠨᠲ ᠤᠨ ᠬᠡᠯᠲᠡᠰ ᠤᠨ ᠭᠤᠷᠪᠠᠳᠤᠭᠠᠷ ᠭᠠᠵᠠᠷ ︵ᠦᠨᠳᠦᠰᠦᠲᠡᠨ ᠤ ᠶᠡᠷᠦᠩᠬᠡᠶᠢᠯᠡᠭᠰᠡᠨ ᠭᠠᠵᠠᠷ︶ ᠤᠨ | ᠳᠠᠷᠤᠭ᠎ᠠ᠂ ᠠᠶᠢᠮᠠᠭ ᠬᠤᠲᠠ ᠶᠢᠨ ᠨᠠᠮ ᠤᠨ ᠬᠤᠷᠢᠶᠠᠨ ᠤ ᠳᠡᠳ᠋ ᠡᠷᠬᠢᠯᠡᠭᠴᠢ ᠶᠢᠨ ᠲᠤᠰᠢᠶᠠᠯ ᠲᠠᠢ᠃ | ᠸᠧᠨ ᠶᠢᠨ ᠯᠸᠢ᠂ ᠡᠷᠡᠭᠲᠡᠶ᠂ ᠮᠣᠩᠭᠤᠯ ᠦᠨᠳᠦᠰᠦᠲᠡᠨ᠂ 1974 ᠣᠨ ᠤ 4 ᠰᠠᠷ᠎ᠠ ᠳᠤ ᠳᠦᠷᠦᠵᠡᠶ᠂ | ᠠᠵᠢᠯ ᠤᠨ ᠪᠠᠶᠢᠷᠢ ᠳᠡᠭᠡᠷᠡᠬᠢ ᠠᠰᠫᠢᠷᠠᠨᠲ᠂ ᠬᠠᠤᠯᠢ ᠶᠢᠨ ᠤᠬᠠᠭᠠᠨ ᠤ ᠳ᠋ᠣᠺᠲ᠋ᠣᠷ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠭᠡᠰᠢᠭᠦᠨ᠃ ᠣᠲᠣ ᠡᠷᠭᠦᠨ᠎ᠡ ᠬᠤᠲᠠ ᠶᠢᠨ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠲᠠᠢ᠃ | ᠵᠠᠩ ᠶᠦᠩ ᠴᠢᠶᠠᠩ᠂ ᠡᠷᠡᠭᠲᠡᠶ᠂ ᠬᠢᠲᠠᠳ ᠦᠨᠳᠦᠰᠦᠲᠡᠨ᠂ 1981 ᠣᠨ ᠤ 8 ᠰᠠᠷ᠎ᠠ ᠳᠤ ᠳᠦᠷᠦᠵᠡᠶ᠂ | ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ | ᠣᠲᠣ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ | ᠪᠠᠶᠢᠭᠤᠯᠤᠯᠲᠠ ᠶᠢᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠨᠡᠷ᠎ᠡ ᠳᠤᠷᠠᠳᠤᠭᠳᠠᠬᠤ ᠪᠠᠷ ᠪᠠᠶᠢᠨ᠎ᠠ᠃ | ᠯᠢ ᠵᠢᠶᠦ᠋ᠨ᠂ ᠡᠷᠡᠭᠲᠡᠶ᠂ ᠬᠢᠲᠠᠳ ᠦᠨᠳᠦᠰᠦᠲᠡᠨ᠂ 1971 ᠣᠨ ᠤ 1 ᠰᠠᠷ᠎ᠠ ᠳᠤ ᠳᠦᠷᠦᠵᠡᠶ᠂ ᠠᠵᠢᠯ ᠤᠨ | ᠪᠠᠶᠢᠷᠢ ᠳᠡᠭᠡᠷᠡᠬᠢ ᠬᠠᠤᠯᠢ ᠶᠢᠨ ᠤᠬᠠᠭᠠᠨ ᠤ ᠪᠠᠴᠤᠯᠤᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ | ᠣᠲᠣ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠳᠡᠳ᠋ | ᠱᠦᠵᠢ᠂ ᠲᠣᠪᠴᠢᠶᠠᠨ ᠳᠡᠳ᠋ ᠳᠠᠷᠤᠭ᠎ᠠ ︵ᠵᠢᠩᠬᠢᠨᠢ ᠭᠠᠵᠠᠷ ᠤᠨ ᠲᠠᠰ︶᠂ ᠨᠢᠭᠡᠳᠦᠭᠡᠷ ᠳᠡᠰ ᠤᠨ ᠳᠡᠭᠡᠳᠦ | ᠵᠡᠷᠭᠡ ᠶᠢᠨ ᠴᠠᠭᠳᠠᠭᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ | ᠬᠤᠶᠠᠷ᠂ ᠵᠠᠷᠯᠠᠨ ᠨᠡᠶᠢᠲᠡᠯᠡᠬᠦ ᠴᠠᠭ | ᠵᠠᠷᠯᠠᠨ ᠨᠡᠶᠢᠲᠡᠯᠡᠬᠦ ᠴᠠᠭ ᠨᠢ 2024 ᠣᠨ ᠤ 5 ᠰᠠᠷ᠎ᠠ ᠶᠢᠨ 18 ᠤ ᠡᠳᠦᠷ ᠠᠴᠠ 2024 ᠣᠨ ᠤ 5 | ᠰᠠᠷ᠎ᠠ ᠶᠢᠨ 24 ᠤ ᠡᠳᠦᠷ ᠪᠣᠯᠲᠠᠯ᠎ᠠ᠃ | ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ | ᠨᠢᠭᠡᠴᠢ ᠪᠠ ᠬᠤᠪᠢ ᠬᠥᠮᠦᠨ ᠨᠢ ᠤᠲᠠᠰᠤ ᠢᠷᠡᠭᠦᠯᠬᠦ᠂ ᠵᠠᠬᠢᠳᠠᠯ ᠢᠯᠡᠭᠡᠬᠦ᠂ ᠰᠤᠷᠪᠤᠯᠵᠢᠯᠠᠭ᠎ᠠ ᠬᠢᠬᠦ᠂ | ᠰᠦᠯᠵᠢᠶ᠎ᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠳᠡᠭᠡᠷ᠎ᠡ ᠳᠤᠷᠠᠳᠤᠭᠰᠠᠨ ᠵᠠᠷᠯᠠᠨ ᠨᠡᠶᠢᠲᠡᠯᠡᠭᠰᠡᠨ ᠡᠲᠡᠭᠡᠳ ᠤᠨ | ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ | ᠬᠠᠷᠭᠤᠭᠤᠯᠬᠤ ᠳᠤ ᠲᠥᠬᠦᠮ ᠪᠠᠶᠢᠯᠭᠠᠬᠤ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠠᠮᠢᠶ᠎ᠠ ᠪᠥᠬᠦᠶ | ᠰᠦᠪᠡᠭᠴᠢ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ | ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠵᠤ ᠦᠭᠭᠦᠭᠡᠷᠡᠢ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ | ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ | ᠴᠠᠭ ᠲᠤᠬᠠᠶ ᠳᠤᠨᠢ ᠬᠠᠷᠢᠭᠤ ᠲᠤᠰᠬᠠᠨ᠎ᠠ᠃ | ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯᠯᠠᠬᠤ ᠡᠳᠦᠷ | ᠦᠳᠡ ᠶᠢᠨ ᠡᠮᠦᠨ᠎ᠡ 9᠄ 00 - 12᠄ 00 | ᠦᠳᠡ ᠶᠢᠨ ᠬᠤᠶᠢᠨ᠎ᠠ 13᠄ 30-17᠄ 00 | ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ ︵0471︶ 12380 | ᠵᠠᠬᠢᠳᠠᠯ ᠢᠯᠡᠭᠡᠬᠦ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 1 | ᠳ᠋ᠦ᠋ᠭᠡᠷ ᠲᠣᠭᠠᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ ᠤᠨ ᠢᠯᠡᠴᠢᠯᠡᠨ ᠮᠡᠳᠡᠭᠦᠯᠬᠦ ᠲᠥᠪ ︵ᠰᠢᠤᠳᠠᠨ ᠨᠣᠮᠧᠷ᠄ 010098︶ | ᠢᠯᠡᠴᠢᠯᠡᠨ ᠮᠡᠲᠡᠭᠦᠯᠬᠦ ᠰᠦᠯᠵᠢᠶᠡᠨ ᠬᠠᠶ᠋ᠢᠭ᠄ 12380.nmgdj.gov.cn | ᠣᠨᠴᠠᠭᠠᠶᠢᠯᠠᠨ ᠵᠠᠷᠯᠠᠪᠠ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ | 2024 ᠣᠨ ᠤ 5 ᠰᠠᠷ᠎ᠠ ᠶᠢᠨ 17 ᠤ ᠡᠳᠦᠷ | | |