ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/6/3
     ᠨᠢᠭᠡ ᠳᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢ ᠴᠡᠭᠴᠡᠯᠡᠬᠦ ᠪᠥᠲᠥᠭᠡᠨ ᠪᠠᠶᠢᠭᠤᠯᠤᠯᠲᠠ ᠶᠢᠨ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠰᠤᠷᠲᠠᠯ ᠴᠢᠬᠡᠴᠢ ᠣᠪᠣᠷ ᠲᠥᠪ᠂ ᠡᠷᠡᠭᠦᠯ ᠥᠭᠡᠳᠡᠷᠬᠡᠭ ᠰᠤᠷᠭᠠᠨ ᠬᠥᠮᠦᠵᠢᠯ ᠤᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠨ᠎ᠠ᠃    ᠬᠤᠶᠠᠷ ᠲᠤ᠂ ᠪᠡᠭᠡᠵᠢᠩ ᠬᠤᠲᠠ ᠶᠢᠨ ᠴᠤᠤᠶᠠᠩ ᠲᠣᠭᠤᠷᠢᠭ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠠᠭᠰᠢ ᠶᠢᠨ ᠪᠣᠯᠪᠠᠰᠤᠷᠠᠯ᠂ ᠠᠵᠢᠯ ᠤᠨ ᠪᠠᠶᠢᠷᠢ ᠪᠠᠨ ᠳᠠᠭᠠᠵᠤ ᠰᠤᠷᠤᠯᠴᠠᠬᠤ ᠵᠡᠷᠭᠡ ᠶᠢ ᠦᠷᠭᠦᠯᠵᠢᠯᠡᠨ ᠥᠷᠨᠢᠭᠦᠯᠦᠨ᠎ᠡ᠃    ᠭᠤᠷᠪᠠ ᠳᠤ᠂ ᠰᠤᠷᠭᠠᠨ ᠬᠥᠮᠦᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ 14 ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠶ᠎ᠠ 4 ᠲᠥᠪ ᠱᠠᠲᠤ ᠬᠤᠪᠢᠶᠠᠨ ᠤᠷᠢᠨ ᠲᠣᠮᠢᠯᠠᠬᠤ ᠠᠵᠢᠯ ᠢ ᠥᠷᠨᠢᠭᠦᠯᠪᠡ᠃ 5 ᠰᠠᠷ᠎ᠠ ᠶᠢᠨ ᠰᠡᠭᠦᠯᠴᠢ ᠪᠣᠯᠲᠠᠯ᠎ᠠ᠂ ᠪᠡᠭᠡᠵᠢᠩ ᠳᠤ ᠬᠦᠷᠴᠦ ᠠᠵᠢᠯ ᠤᠨ ᠪᠠᠶᠢᠷᠢ ᠳᠠᠭᠠᠵᠤ ᠪᠣᠯᠪᠠᠰᠤᠷᠠᠭᠤᠯᠬᠤ 32 ᠬᠥᠮᠦᠨ᠂ ᠹᠢᠯᠢᠮ ᠤᠨ ᠵᠢᠭᠠᠨ ᠰᠤᠳᠤᠯᠬᠤ ᠵᠢᠭᠠᠨ ᠰᠤᠷᠭᠠᠬᠤ ᠠᠵᠢᠯᠯᠠᠭ᠎ᠠ ᠶᠢᠨ ᠪᠣᠯᠪᠠᠰᠤᠷᠠᠯ ᠢ 150 ᠬᠥᠮᠦᠨ ᠪᠣᠯᠪᠠᠰᠤᠷᠠᠭᠤᠯᠪᠠ︔ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 10 ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ᠂ 3 ᠲᠣᠪᠴᠢᠶ᠎ᠠ ᠶᠢᠨ ᠬᠠᠷᠢᠶ᠎ᠠ ᠲᠥᠪ ᠨᠢᠭᠡᠨᠲᠡ ᠳᠠᠭᠤᠰᠴᠤ᠂ ᠦᠯᠡᠳᠡᠭᠰᠡᠨ 4 ᠳᠤᠮᠳᠠᠳᠤ ᠪᠠᠭ᠎ᠠ ᠰᠤᠷᠭᠠᠭᠤᠯᠢ᠂ 1 ᠲᠣᠪᠴᠢᠶ᠎ᠠ ᠶᠢᠨ ᠬᠠᠷᠢᠶ᠎ᠠ ᠲᠥᠪ ᠶᠠᠭ ᠶᠠᠪᠤᠭᠳᠠᠵᠤ ᠪᠠᠶᠢᠨ᠎ᠠ᠂ 6 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃                      ᠵᠣᠬᠢᠶᠠᠭᠴᠢ᠄ ᠯᠢ ᠰᠢᠨ                      ᠤᠷᠴᠢᠭᠤᠯᠤᠭᠴᠢ᠄ ᠬᠦᠰᠡᠯ                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2