ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠦᠵᠢᠯ᠄ ᠴᠢ ᠹᠸᠢ ᠶᠦᠨ ᠰᠢᠩ ᠾᠧ ᠰᠢᠶᠠᠨ ᠳᠤ ᠭᠦᠨᠵᠡᠭᠡᠶᠢᠷᠡᠨ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠵᠢᠯᠣᠭᠤᠳᠬᠤ ᠶᠢᠨ ᠬᠠᠮᠲᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/3
   5 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠰᠢᠩ ᠾᠧ ᠰᠢᠶᠠᠨ ᠳᠤ ᠭᠦᠨᠵᠡᠭᠡᠶᠢᠷᠡᠨ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠵᠢᠯᠣᠭᠤᠳᠬᠤ ᠶᠢᠨ ᠬᠠᠮᠲᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ᠃     ᠳ᠋ᠢᠶᠠᠨ ᠽᠢ ᠪᠠᠯᠭᠠᠰᠤᠨ ᠤ ᠯᠦ ᠵᠢᠶᠠ ᠶᠢᠩ ᠲᠣᠰᠬᠤᠨ ᠳᠤ᠂ ᠴᠢ ᠹᠸᠢ ᠶᠦᠨ ᠦᠨᠳᠦᠰᠦᠨ ᠱᠠᠲᠤᠨ ᠤ ᠺᠠᠳ᠋ᠷᠴᠤᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠤᠰ ᠲᠣᠰᠬᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠵᠢᠯᠣᠭᠤᠳᠬᠤ ᠰᠠᠨᠠᠯ ᠳᠤᠷᠠᠳᠴᠠᠢ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ᠂ ᠴᠢᠳᠠᠪᠤᠷᠢ ᠰᠤᠷᠲᠠᠯ ᠤᠨ ᠪᠠᠶᠢᠭᠤᠯᠤᠯᠲᠠ ᠶᠢ ᠦᠨᠳᠦᠰᠦᠨ ᠱᠠᠳᠤ ᠲᠡᠶᠢᠰᠢ ᠥᠷᠭᠡᠳᠬᠡᠬᠦ ᠶᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠵᠦ᠂ ᠠᠵᠢᠯ ᠬᠢᠵᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠳᠤ ᠪᠤᠶᠠᠨ ᠦᠢᠯᠡᠳᠬᠦ ᠪᠣᠳᠠᠲᠠᠢ ᠠᠵᠢᠯ ᠳᠡᠭᠡᠷ᠎ᠡ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠰᠢᠩ ᠡᡁᠧ ᠰᠢᠶᠠᠨ ᠤ ᠤᠶᠤᠨᠲᠤ ᠲᠠᠷᠢᠶᠠᠯᠠᠩ ᠤᠨ ᠠᠭᠤᠰᠤᠯᠴᠠᠨ ᠬᠥᠭᠵᠢᠬᠦ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠴᠢ ᠹᠸᠢ ᠶᠦᠨ ᠲᠦᠷᠦᠯ ᠵᠦᠢᠯ ᠤᠨ ᠬᠥᠭᠵᠢᠯᠲᠡ ᠶᠢᠨ ᠲᠥᠯᠥᠪᠵᠢᠭᠦᠯᠭᠡ᠂ ᠪᠠᠷᠢᠯᠭ᠎ᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ᠂ ᠣᠶᠤᠨᠴᠢ ᠬᠥᠳᠡᠭᠡ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠦᠢᠯᠡᠳᠪᠦᠷᠢᠯᠡᠯ ᠡᠵᠡᠩᠨᠡᠯᠲᠡ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠦᠷᠳᠡᠭ ᠪᠣᠯᠤᠨ ᠨᠥᠯᠥᠭᠡᠯᠡᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃                                              ᠣᠷᠴᠢᠭᠤᠯᠤᠭᠴᠢ᠄ ᠭᠤᠸ᠎ᠠ                                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2