ᠴᠢ ᠹᠸᠢ ᠶᠦᠨ ᠪᠦᠯᠬᠦᠮ ᠳᠠᠭᠠᠭᠤᠯᠤᠨ ᠵᠧᠵᠢᠶᠠᠩ ᠮᠤᠵᠢ᠂ ᠪᠡᠭᠡᠵᠢᠩ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠠᠵᠢᠯ ᠵᠣᠯᠭᠠᠭᠤᠯᠪᠠ
ᠨᠡᠶᠢᠲᠡᠯᠡᠭᠰᠡᠨ ᠴᠠᠭ᠄
2024/6/4
    5 ᠰᠠᠷ᠎ᠠ ᠶᠢᠨ 28 ᠤ ᠡᠳᠦᠷ ᠠᠴᠠ 6 ᠰᠠᠷ᠎ᠠ ᠶᠢᠨ 1 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠪᠦᠯᠬᠦᠮ ᠳᠠᠭᠠᠭᠤᠯᠤᠨ ᠵᠧᠵᠢᠶᠠᠩ ᠮᠤᠵᠢ᠂ ᠪᠡᠭᠡᠵᠢᠩ ᠬᠤᠲᠠ ᠳᠤ ᠬᠦᠷᠴᠦ ᠰᠠᠨᠠᠯ ᠰᠣᠯᠢᠯᠴᠠᠨ ᠶᠠᠷᠢᠯᠴᠠᠵᠤ᠂ ᠠᠵᠢᠯ ᠵᠣᠯᠭᠠᠭᠤᠯᠪᠠ᠃     ᠵᠧᠵᠢᠶᠠᠩ ᠮᠤᠵᠢ ᠶᠢᠨ ᠶᠢᠨ ᠬᠤᠸᠠ ᠬᠤᠲᠠ ᠳᠤ ᠴᠢ ᠹᠸᠢ ᠶᠦᠨ ᠨᠠᠷ ᠤᠷᠢᠳ ᠬᠤᠵᠢᠳ ᠳ᠋ᠦᠩ ᠶᠠᠩ ᠬᠤᠲᠠ ᠶᠢᠨ ᠮᠣᠳᠣᠨ ᠰᠡᠶᠢᠯᠦᠮᠡᠯ ᠪᠠ ᠤᠯᠠᠭᠠᠨ ᠮᠣᠳᠣᠨ ᠭᠡᠷ ᠤᠨ ᠬᠡᠷᠡᠭᠰᠡᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠶᠦᠩ ᠺᠠᠩ ᠬᠤᠲᠠ ᠶᠢᠨ ᠳᠡᠯᠡᠬᠡᠶ ᠶᠢᠨ ᠲᠡᠮᠦᠷᠯᠢᠭ ᠤᠨ ᠰᠣᠳᠣᠨ ᠪᠦᠲᠦᠭᠡᠯ ᠤᠨ ᠣᠷᠳᠣᠨ᠂ ᠬᠠ ᠡᠯ ᠰᠧ ᠰᠠᠪᠠ ᠬᠡᠷᠡᠭᠰᠡᠯ ᠤᠨ ᠬᠤᠪᠢ ᠣᠷᠣᠭᠤᠯᠤᠭᠰᠠᠨ ᠺᠣᠮᠫᠠᠨᠢ᠂ ᠵᠧᠵᠢᠶᠠᠩ ᠤᠨ ᠴᠤᠤ ᠷᠧᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠺᠣᠮᠫᠠᠨᠢ ᠳᠤ ᠬᠦᠷᠴᠦ᠂ ᠡᠯ᠎ᠡ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠲᠥᠷᠥᠯ ᠲᠡᠮᠳᠡᠭ ᠤᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠴᠢ ᠹᠸᠢ ᠶᠦᠨ᠂ ᠤᠯᠠᠭᠠᠨᠴᠠᠪ ᠪᠤᠰᠤᠳ ᠭᠠᠵᠠᠷ ᠣᠷᠣᠨ ᠤ ᠠᠵᠤ ᠦᠢᠯᠡᠰ ᠤᠨ ᠬᠡᠪᠴᠢᠶᠡᠵᠢᠯᠲᠡ᠂ ᠰᠦᠷᠦᠭᠵᠢᠯ ᠤᠨ ᠬᠥᠭᠵᠢᠯᠲᠡ ᠶᠢᠨ ᠲᠤᠷᠰᠢᠯᠭ᠎ᠠ ᠪᠠᠷ ᠲᠣᠯᠢ ᠪᠣᠯᠭᠠᠵᠤ᠂ ᠬᠠᠷᠢᠯᠴᠠᠨ ᠨᠡᠪᠲᠡᠷᠡᠯᠴᠡᠵᠦ ᠬᠠᠮᠲᠤᠷᠠᠯᠴᠠᠬᠤ ᠪᠠ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠤᠨ᠂ ᠣᠷᠣᠨ ᠪᠠᠶᠢᠷᠢ ᠶᠢᠨ ᠵᠠᠮ ᠬᠠᠷᠢᠯᠴᠠᠭ᠎ᠠ ᠳᠥᠭᠦᠮ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡᠨ ᠤ ᠵᠠᠩᠭᠢᠯᠠᠭ᠎ᠠ ᠶᠢᠨ ᠴᠡᠭ ᠬᠤᠲᠠ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠪᠠᠨ ᠲᠠᠰᠤᠷᠠᠯᠲᠠ ᠥᠬᠡᠶ ᠤᠷᠲᠤᠳᠬᠠᠨ᠂ ᠠᠵᠤ ᠠᠬᠤᠶᠢᠯᠠᠯ ᠤᠨ ᠭᠤᠤᠯᠯᠠᠬᠤ ᠥᠷᠢᠰᠥᠯᠳᠦᠬᠦ ᠬᠦᠴᠦᠨ ᠢᠶᠠᠨ ᠦᠨᠡᠨ ᠬᠦ ᠴᠢᠩᠭᠠᠷᠠᠭᠤᠯᠤᠨ᠎ᠠ ᠭᠡᠵᠦ ᠢᠯᠡᠷᠬᠡᠶᠢᠯᠡᠪᠡ᠃     ᠵᠧᠵᠢᠶᠠᠩ ᠮᠤᠵᠢ ᠶᠢᠨ ᠬᠠᠩᠵᠧᠦ ᠬᠤᠲᠠ ᠶᠢᠨ ᠶᠦᠨ ᠳ᠋ᠠ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠺᠣᠮᠫᠠᠨᠢ ᠳᠤ᠂ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠲᠦᠷᠦᠯ ᠵᠦᠢᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠬᠤ ᠶᠢᠨ ᠬᠠᠮᠲᠤ ᠪᠡᠯᠡ ᠣᠷᠣᠭᠤᠯᠤᠯᠲᠠ ᠶᠢᠨ ᠰᠠᠨᠠᠮᠵᠢ ᠶᠢᠨ ᠵᠥᠪᠯᠡᠯᠴᠡᠭᠡᠷ ᠲᠣᠭᠲᠠᠵᠠᠢ᠃ ᠴᠢ ᠹᠸᠢ ᠶᠦᠨ᠂ ᠶᠦᠨ ᠳ᠋ᠡ ᠬᠤᠪᠢ ᠣᠷᠣᠭᠤᠯᠤᠭᠰᠠᠨ ᠺᠣᠮᠫᠠᠨᠢ ᠨᠢ ᠠᠵᠢᠯ ᠲᠦᠷᠦᠯ ᠤᠨ ︽ᠬᠡᠯᠬᠢᠶ᠎ᠡ ᠶᠢᠨ ᠡᠵᠡᠨ︾ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠤᠯᠠᠭᠠᠨᠴᠠᠪ ᠤᠨ ᠴᠡᠪᠡᠷ ᠡᠨᠧᠷᠭᠢ ᠶᠢᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠵᠠᠢ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠣᠷᠣᠨ ᠨᠤᠲᠤᠭ ᠠᠵᠤ ᠠᠬᠤᠶᠢᠯᠠᠯ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃     ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶ᠎ᠠ ᠳᠤ᠂ ᠴᠢ ᠹᠸᠢ ᠶᠦᠨ ᠨᠠᠷ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠷᠢᠶᠠᠨ ᠳᠠᠷᠤᠭ᠎ᠠ ᠵᠠᠩ ᠱᠤ᠋ ᠶᠠᠩ ᠨᠠᠷ ᠲᠠᠢ ᠡᠮᠴᠢᠯᠡᠭᠡᠨ ᠤ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠠᠬᠢᠭᠤᠯᠬᠤ᠂ ᠵᠡᠭᠦᠨ ᠪᠠᠷᠠᠭᠤᠨ ᠣᠷᠣᠨ ᠤ ᠡᠮᠴᠢᠯᠡᠭᠡᠨ ᠤ ᠬᠠᠮᠵᠢᠯᠴᠠᠭ᠎ᠠ ᠶᠢ ᠴᠢᠩᠭᠠᠳᠬᠠᠬᠤ ᠵᠡᠷᠭᠡ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠯᠴᠠᠪᠠ᠃ ᠴᠢ ᠹᠸᠢ ᠶᠦᠨ᠂ ᠣᠶᠢᠷ᠎ᠠ ᠶᠢᠨ ᠵᠢᠯ ᠳᠤ᠂ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶ᠎ᠠ ᠣᠷᠣᠨ ᠨᠤᠲᠤᠭ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠤᠯᠠᠭᠠᠨᠴᠠᠪ ᠤᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢᠯᠡᠳᠲᠡ ᠳᠡᠭᠡᠭᠰᠢᠯᠡᠪᠡ᠃ ᠲᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠬᠠᠮᠲᠤᠷᠠᠯᠴᠠᠭᠠᠨ ᠤ ᠵᠠᠭᠪᠤᠷ ᠢ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ ᠪᠡᠭᠡᠵᠢᠩ ᠥᠪᠥᠷ ᠮᠣᠩᠭᠤᠯ ᠤᠨ ᠡᠮᠴᠢᠯᠡᠭᠡᠨ ᠤ ᠬᠠᠮᠵᠢᠯᠴᠠᠭᠠᠨ ᠤ ᠥᠯᠢᠭᠡᠷ ᠳᠠᠭᠤᠷᠢᠶᠠᠯ ᠢ ᠬᠠᠮᠲᠤ ᠪᠠᠷ ᠴᠣᠭᠴᠠᠯᠠᠵᠤ᠂ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠭᠠᠷ ᠬᠤᠯᠪᠣᠨ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃     ᠬᠤᠳᠠ ᠶᠢᠨ ᠤᠳᠤᠷᠢᠳᠤᠯᠭ᠎ᠠ ᠹᠠᠩ ᠽᠧ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃                                              ᠣᠷᠴᠢᠭᠤᠯᠤᠭᠴᠢ᠄ ᠭᠤᠸ᠎ᠠ                                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2